ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠰᠦᠯᠵᠢᠶᠠᠨ ᠵᠠᠭᠤᠴᠢᠯᠠᠭᠤᠷ ᠤᠨ ᠬᠠᠮᠳᠤᠷᠠᠨ ᠠᠵᠢᠯᠯᠠᠬᠤ ᠶᠠᠷᠢᠯᠴᠠᠬᠤ ᠬᠤᠷᠠᠯ ᠲᠦᠡᠭᠯᠢᠶᠤᠤ ᠬᠤᠳᠠ ᠳᠤ ᠶᠠᠪᠤᠭᠳᠠᠵᠠᠢ
ᠨᠡᠶᠢᠲᠡᠯᠡᠭᠰᠡᠨ ᠴᠠᠭ᠄
2019/10/15
     ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠰᠦᠯᠵᠢᠶᠠᠨ ᠵᠠᠭᠤᠴᠢᠯᠠᠭᠤᠷ ᠤᠨ ᠬᠠᠮᠳᠤᠷᠠᠨ ᠠᠵᠢᠯᠯᠠᠬᠤ ᠶᠠᠷᠢᠯᠴᠠᠬᠤ ᠬᠤᠷᠠᠯ 10 ᠰᠠᠷ᠎ᠠ ᠶᠢᠨ 14᠎ ᠤ ᠡᠳᠦᠷ ᠲᠦᠡᠭᠯᠢᠶᠤᠤ ᠬᠤᠳᠠ ᠳᠤ ᠶᠠᠪᠤᠭᠳᠠᠪᠠ᠃ ᠮᠤᠩᠭᠤᠯ ᠤᠯᠤᠰ ᠤᠨ ᠦᠨᠳᠦᠰᠤᠨ ᠤ ᠰᠠᠶᠢᠲ ᠤᠨ ᠬᠦᠭᠵᠢᠯ ᠤᠨ ᠨᠢᠭᠡᠳᠦᠭᠰᠡᠨ ᠬᠤᠯᠪᠤᠭ᠎ᠠ᠂ ᠮᠤᠩᠭᠤᠯ ᠤᠯᠤᠰ ᠎ ᠤᠨ ᠰᠡᠳᠬᠦᠯᠴᠢᠳ ᠤᠨ ᠨᠢᠭᠡᠳᠦᠭᠰᠡᠨ ᠡᠪᠯᠡᠯ ᠵᠢᠴᠢ ᠬᠡᠰᠡᠭ ᠠᠶᠢᠮᠠᠭ ᠲᠠᠬᠢ ᠬᠤᠪᠢᠶᠠᠷᠢ ᠡᠪᠯᠡᠯ᠂ ᠲᠤᠮᠳᠠᠳᠤ ᠤᠯᠤᠰ ᠎ ᠤᠨ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠎ ᠤ ᠠᠯᠪᠠᠨ ᠬᠡᠷ ᠵᠢᠴᠢ ᠬᠡᠰᠡᠭ ᠠᠶᠢᠮᠠᠭ ᠬᠤᠳᠠ ᠶᠢᠨ ᠠᠷᠠᠳ ᠤᠨ ᠵᠠᠰᠠᠭ ᠤᠨ ᠤᠷᠳᠤᠨ ︵ᠠᠶᠢᠮᠠᠭ ᠤᠨ ᠵᠠᠬᠢᠷᠭ᠎ᠠ︶ ᠎ ᠤ ᠰᠤᠨᠢᠨ ᠮᠡᠳᠡᠭᠡᠨ ᠤ ᠠᠯᠪᠠᠨ ᠬᠡᠷ ᠤᠨ ᠬᠠᠷᠢᠭᠤᠴᠠᠯᠭᠠᠳᠠᠨ ᠪᠤᠯᠤᠨ ᠬᠤᠶᠠᠷ ᠤᠯᠤᠰ ᠤᠨ ᠰᠦᠯᠵᠢᠶᠠᠨ ᠵᠠᠭᠤᠴᠢᠯᠠᠭᠤᠷ ᠤᠨ ᠲᠦᠯᠦᠭᠡᠯᠡᠭᠴᠢ 50 ᠭᠠᠷᠤᠢ ᠬᠦᠮᠦᠨ ᠬᠤᠷᠠᠯ ᠳᠤ ᠤᠷᠤᠯᠴᠠᠵᠠᠢ᠃      ᠬᠤᠷᠠᠯ ᠲᠡᠭᠡᠷ᠎ᠠ᠂ ᠰᠦᠯᠵᠢᠶᠠᠨ ᠵᠠᠭᠤᠴᠢᠯᠠᠭᠤᠷ᠂ ᠢᠯᠠᠩᠭᠤᠶ᠎ᠠ ᠨᠠᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠎ ᠤᠨ ᠴᠠᠭ ᠡᠷᠢᠨ ᠳᠤ ᠬᠡᠷᠬᠢᠨ ᠰᠤᠷᠪᠤᠯᠵᠢᠯᠠᠵᠦ ᠮᠡᠳᠡᠭᠡᠯᠡᠬᠦ᠂ ᠬᠡᠷᠬᠢᠨ ᠬᠠᠮᠢᠶᠠᠷᠤᠯᠳᠠ ᠪᠠᠨ ᠴᠢᠩᠭᠠᠳᠬᠠᠬᠤ᠂ ᠬᠡᠷᠬᠢᠨ ᠮᠡᠳᠡᠭᠡᠨ ᠤ ᠪᠠᠨ ᠢᠳᠡᠭᠡᠮᠵᠢᠳᠤ ᠴᠢᠨᠠᠷ ᠢ ᠲᠡᠭᠡᠭᠰᠢᠯᠡᠬᠦᠯᠬᠦ ᠵᠡᠷᠭᠡ ᠲᠠᠯ᠎ᠠ ᠪᠠᠷ ᠶᠠᠷᠢᠯᠴᠠᠨ ᠰᠤᠳᠤᠯᠪᠠ᠃ ᠬᠤᠷᠠᠯ ᠳᠤ ᠤᠷᠤᠯᠴᠠᠭᠰᠠᠳ ᠬᠤᠶᠠᠷ ᠤᠯᠤᠰ ᠤᠨ ᠰᠦᠯᠵᠢᠶᠠᠨ ᠵᠠᠭᠤᠴᠢᠯᠠᠭᠤᠷ ᠤᠨ ᠬᠢᠨ ᠨᠠᠩ ᠨᠢᠬᠳᠠᠷᠠᠭᠰᠠᠨ ᠰᠤᠯᠢᠯᠴᠠᠭ᠎ᠠ ᠪᠠ ᠬᠠᠷᠢᠯᠴᠠᠨ ᠠᠶᠢᠯᠴᠢᠯᠠᠯ ᠤᠨ ᠲᠤᠭᠳᠠᠴᠠ ᠶᠢ ᠪᠠᠶᠢᠭᠤᠯᠵᠤ᠂ ᠬᠤᠯᠪᠤᠯᠳᠤᠭ᠎ᠠ ᠪᠠ ᠨᠡᠪᠳᠡᠷᠡᠯᠴᠡᠭᠡ ᠪᠠᠨ ᠴᠢᠩᠭᠠᠳᠬᠠᠨ ᠠᠮᠢᠳᠤᠷᠠᠯ ᠳᠤ ᠨᠠᠩ ᠢᠯᠡᠬᠦᠦ ᠤᠢᠢᠷᠠᠳᠤᠭᠰᠠᠨ ᠰᠤᠷᠪᠤᠯᠵᠢᠯᠠᠭ᠎ᠠ ᠠᠪᠴᠤ᠂ ᠬᠤᠶᠠᠷ ᠤᠯᠤᠰ ᠤᠨ ᠠᠷᠠᠳ ᠲᠦᠮᠠᠨ ᠤ ᠨᠦᠬᠦᠷᠰᠡᠭ ᠬᠠᠷᠢᠴᠠᠭᠠᠨ ᠤ ᠲᠤᠮᠳᠠᠬᠢ ᠤᠯᠠᠨ ᠰᠠᠶᠢᠬᠠᠨ ᠰᠡᠳᠬᠢᠯ ᠬᠦᠳᠡᠯᠭᠡᠮ᠎ᠠ ᠦᠯᠢᠭᠡᠷ ᠤᠳ ᠢ ᠠᠭᠤᠳᠠᠯᠤᠨ᠂ ᠬᠤᠶᠠᠷ ᠤᠯᠤᠰ ᠤᠨ ᠭᠦᠭᠵᠢᠯ ᠬᠤᠪᠢᠷᠠᠯ ᠢ ᠵᠦᠪ ᠤᠨᠤᠪᠴᠢᠳᠠᠢ᠂ ᠲᠦᠪ ᠭᠤᠤᠯᠴᠢ ᠪᠠᠷ ᠲᠠᠨᠢᠯᠴᠠᠭᠤᠯᠵᠤ᠂ ᠬᠤᠶᠠᠷ ᠤᠯᠤᠰ ᠤᠨ ᠨᠦᠬᠦᠷᠯᠡᠯ ᠢ ᠵᠤᠵᠠᠭᠠᠳᠬᠠᠨ ᠠᠷᠠᠳ ᠲᠦᠮᠠᠨ ᠤ ᠬᠠᠷᠢᠯᠴᠠᠨ ᠢᠳᠡᠭᠡᠯᠴᠠᠯ ᠤᠢᠢᠯᠠᠭᠠᠯᠴᠠᠯ ᠢ ᠬᠦᠨᠵᠡᠬᠡᠶᠢᠷᠡᠬᠦᠯᠬᠦ ᠳᠤ ᠨᠡᠩ ᠶᠡᠭᠡ ᠬᠦᠴᠦᠨ ᠵᠢᠳᠬᠦᠯ ᠢᠶᠠᠨ ᠦᠵᠡᠬᠦᠯᠪᠠᠯ ᠵᠤᠬᠢᠨ᠎ᠠ ᠬᠡᠵᠤ ᠰᠠᠨᠠᠯ ᠨᠢᠭᠡᠳᠠᠢ ᠢᠯᠡᠷᠭᠡᠶᠢᠯᠡᠭᠰᠡᠨ ᠪᠠᠶᠢᠨ᠎ᠠ᠃      ᠬᠤᠷᠠᠯ ᠲᠡᠭᠡᠷ᠎ᠠ᠂ ᠦᠪᠠᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠎ ᠤ ᠠᠯᠪᠠᠨ ᠬᠡᠷ ᠪᠤᠯᠤᠨ ᠮᠤᠩᠭᠤᠯ ᠤᠯᠤᠰ ᠤᠨ ᠦᠨᠳᠦᠰᠤᠨ ᠤ ᠰᠠᠶᠢᠲ ᠤᠨ ᠬᠦᠭᠵᠢᠯ ᠤᠨ ᠨᠢᠭᠡᠳᠦᠭᠰᠡᠨ ᠬᠤᠯᠪᠤᠭ᠎ᠠ ᠎ ᠶᠢᠨ ᠬᠠᠮᠳᠤᠷᠠᠨ ᠠᠵᠢᠯᠯᠠᠬᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠠᠴᠠ ᠭᠠᠳᠠᠨ᠎ᠠ᠂ ᠲᠦᠡᠭᠯᠢᠶᠤᠤ᠂ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠪᠠ ᠠᠯᠠᠱᠠ ᠠᠶᠢᠮᠠᠭ ᠤᠨ ᠵᠠᠬᠢᠷᠭ᠎ᠠ ᠎ ᠶᠢᠨ ᠰᠤᠨᠢᠨ ᠮᠡᠳᠡᠭᠡᠨ ᠤ ᠠᠯᠪᠠᠨ ᠬᠡᠷ ᠤᠨ ᠬᠢᠨ ᠲᠤᠰ ᠲᠤᠰ ᠮᠤᠩᠭᠤᠯ ᠤᠯᠤᠰ ᠤᠨ ᠰᠡᠳᠬᠦᠯᠴᠢᠳ ᠤᠨ ᠨᠢᠭᠡᠳᠦᠭᠰᠡᠨ ᠡᠪᠯᠡᠯ ᠤᠨ ᠬᠡᠨᠳᠡᠢ ᠠᠶᠢᠮᠠᠭ᠂ ᠠᠷᠤᠬᠠᠡᠭᠭᠠᠢ ᠠᠶᠢᠮᠠᠭ᠂ ᠪᠠᠶᠠᠨᠬᠤᠡᠭᠭᠤᠷ ᠠᠶᠢᠮᠠᠭ ᠤᠨ ᠬᠤᠪᠢᠶᠠᠷᠢ ᠡᠪᠯᠡᠯ ᠎ ᠤᠨ ᠬᠢᠨ ᠲᠠᠢ ᠬᠠᠮᠳᠤᠷᠠᠨ ᠠᠵᠢᠯᠯᠠᠬᠤ ᠰᠠᠨᠠᠮᠵᠢ ᠪᠢᠴᠢᠭ ᠲᠤᠭᠳᠠᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号