ᠥᠪᠥᠷ ᠵᠠᠰᠠᠭ ᠠᠯᠪᠠᠨ ᠥᠰᠥᠭ ﹇2019﹈ 42 ᠳ᠋ᠤᠭᠠᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠭᠡᠯ ᠬᠤᠷᠢᠶᠠᠬᠤ ᠵᠠᠰᠠᠮᠠᠯ ᠵᠠᠮ ᠤᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ | ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠴᠣᠴᠠᠯᠬᠤ ᠶᠢᠨ ᠬᠡᠷᠡᠭᠵᠢᠭᠦᠯᠬᠦ ᠲᠥᠰᠦᠯ︾ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | | ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠭᠡᠯ ᠬᠤᠷᠢᠶᠠᠬᠤ | ᠵᠠᠰᠠᠮᠠᠯ ᠵᠠᠮ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ | ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ | ᠥᠷᠲᠡᠭᠡ ᠶᠢ ᠴᠣᠴᠠᠯᠬᠤ ᠶᠢᠨ ᠬᠡᠷᠡᠭᠵᠢᠭᠦᠯᠬᠦ ᠲᠥᠰᠦᠯ | | ︽ᠰᠦᠢᠳᠭᠡᠯ ᠬᠤᠷᠢᠶᠠᠬᠤ ᠵᠠᠰᠠᠮᠠᠯ ᠵᠠᠮ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ | ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠴᠣᠴᠠᠯᠬᠤ ᠶᠢᠨ | ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 23 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠣ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠳᠦᠷᠢᠮ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠮᠠᠨ ᠤ ᠣᠷᠣᠨ ᠤ ᠳᠡᠭᠡᠳᠦ ᠬᠤᠷᠳᠤ ᠶᠢᠨ ᠵᠠᠰᠠᠮᠠᠯ | ᠵᠠᠮ ᠤᠨ ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠲᠦᠷᠭᠡᠳᠬᠡᠨ ᠴᠣᠴᠠᠯᠵᠤ᠂ ᠲᠡᠷᠭᠡ | ᠵᠣᠭᠰᠣᠭᠠᠬᠤ ᠦᠭᠡᠢ ᠪᠠᠷ ᠪᠤᠰᠢᠭᠤ ᠲᠦᠷᠭᠡᠨ ᠰᠦᠢᠳᠬᠡᠯ ᠬᠤᠷᠢᠶᠠᠬᠤ ᠶᠢ ᠪᠡᠶᠡᠯᠡᠭᠦᠯᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︽ᠬᠤᠯᠠ ᠣᠶᠢᠷ᠎ᠠ ᠶᠢᠨ ᠬᠢ ᠶᠢ ᠤᠶᠠᠯᠳᠤᠭᠤᠯᠬᠤ᠂ ᠨᠢᠭᠡᠳᠦᠯᠲᠡᠶ ᠤᠬᠠᠭᠠᠯᠠᠨ ᠲᠥᠯᠥᠪᠯᠡᠬᠦ᠂ ᠰᠢᠨᠵᠢᠯᠡᠬᠦ | ᠤᠬᠠᠭᠠᠨᠴᠢ ᠪᠠᠷ ᠵᠢᠷᠤᠭᠯᠠᠨ ᠲᠥᠯᠥᠪᠯᠡᠬᠦ᠂ ᠡᠮᠬᠢ ᠵᠢᠷᠤᠮ ᠲᠠᠢ ᠠᠬᠢᠭᠤᠯᠬᠤ᠂ ᠠᠮᠤᠷ ᠲᠦᠪᠰᠢᠨ ᠪᠦᠭᠡᠳ | ᠲᠣᠭᠲᠠᠭᠤᠨ ᠪᠠᠶᠢᠯᠭᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠣ ᠰᠦᠢᠳᠭᠡᠯ ᠢ ᠨᠢ ᠪᠠᠭᠤᠷᠠᠭᠤᠯᠬᠤ︾ ᠵᠠᠷᠴᠢᠮ | ᠶᠣᠰᠣᠭᠠᠷ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠠᠮ ᠨᠡᠪᠲᠡᠷᠡᠯᠭᠡ ᠶᠢᠨ ᠴᠢᠨᠠᠷ ᠴᠢᠨᠰᠠᠭ᠎ᠠ ᠪᠤᠯᠤᠨ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ | ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ 2019 ᠣᠨ ᠤ ᠰᠡᠭᠦᠯᠴᠢ ᠠᠴᠠ | ᠡᠮᠦᠨ᠎ᠡ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ | ᠥᠷᠲᠡᠭᠡ ᠶᠢ ᠦᠨᠳᠦᠰᠦᠨ ᠳᠤ ᠪᠠᠨ ᠴᠣᠴᠠᠯᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠭᠦᠯᠦᠨ᠂ | ᠨᠡᠶᠢᠭᠡᠮ ᠨᠡᠶᠢᠲᠡ ᠳᠤ ᠠᠰᠢᠭ ᠬᠦᠷᠲᠡᠭᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠶ | ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠤᠨ᠎ᠠ᠃ | ᠬᠤᠶᠠᠷ᠂ ᠠᠵᠢᠯ ᠤᠨ ᠡᠭᠦᠷᠭᠡ | ︵ᠨᠢᠭᠡ︶ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠬᠡᠯ ᠬᠤᠷᠢᠶᠠᠬᠤ ᠰᠢᠰᠲ᠋ᠧᠮᠵᠢ ᠶᠢ ᠲᠦᠷᠭᠡᠳᠬᠡᠨ | ᠪᠠᠶᠢᠭᠤᠯᠵᠣ ᠲᠡᠭᠦᠯᠳᠡᠷᠵᠢᠭᠦᠯᠦᠨ᠎ᠡ᠃ | 1. ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠶᠡᠷᠦᠩᠬᠡᠢ ᠮᠡᠷᠭᠡᠵᠢᠯ ᠤᠨ ᠲᠦᠰᠦᠯ᠂ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠲᠥᠰᠦᠯ᠂ ᠲᠡᠭᠡᠭᠡᠪᠦᠷᠢᠯᠡᠨ ᠡᠵᠡᠩᠨᠡᠬᠦ ᠪᠣᠯᠣᠨ ᠦᠢᠯᠡᠴᠢᠯᠡᠭᠡᠨ ᠤ ᠳᠦᠷᠢᠮ᠂ | ᠰᠦᠯᠵᠢᠶᠡᠨ ᠤ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠢᠭᠡᠳᠦᠯᠲᠡᠶ | ᠪᠠᠷᠢᠮᠵᠢᠶ᠎ᠠ ᠶᠣᠰᠣᠭᠠᠷ᠂ ᠡᠯ᠎ᠡ ᠵᠦᠢᠯ ᠤᠨ ᠢᠵᠢ ᠪᠦᠷᠢᠳᠦᠭᠰᠡᠨ ᠳᠦᠷᠢᠮ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ | ᠲᠡᠭᠦᠯᠳᠡᠷᠵᠢᠭᠦᠯᠵᠦ᠂ ᠢᠨᠵᠧᠨᠧᠷᠢᠩ ᠤᠨ ᠪᠠᠷᠢᠯᠭ᠎ᠠ ᠶᠢᠨ ᠲᠥᠰᠦᠯ ᠵᠢᠴᠢ ᠵᠢᠷᠤᠭ ᠲᠥᠯᠥᠪᠯᠡᠭᠡ ᠶᠢᠨ ᠪᠢᠴᠢᠭ | ᠮᠠᠲ᠋ᠧᠷᠢᠶᠠᠯ ᠢ ᠨᠠᠶᠢᠷᠠᠭᠤᠯᠤᠨ ᠵᠣᠬᠢᠶᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠬᠠᠷᠢᠭᠤᠴᠠᠨ᠎ᠠ︶ | 2. ᠦᠪᠡᠷᠲᠡᠭᠡᠨ ᠵᠠᠰᠠᠬᠤ ᠤᠷᠤᠨ ᠤ ᠳᠡᠰ ᠤᠨ ᠢᠯᠭᠠᠷᠠᠭᠤᠯᠵᠤ ᠬᠤᠪᠢᠶᠠᠷᠢᠯᠠᠨ ᠳ᠋ᠦᠩᠨᠡᠨ ᠪᠤᠳᠤᠬᠤ ᠪᠠ | ᠲᠡᠭᠡᠭᠡᠪᠦᠷᠢᠯᠡᠨ ᠡᠵᠡᠩᠨᠡᠵᠦ ᠬᠠᠮᠢᠶᠠᠷᠬᠤ ᠰᠢᠰᠲ᠋ᠧᠮ ᠤᠨ ᠳᠡᠰ ᠳᠡᠪᠰᠢᠭᠦᠯᠦᠨ ᠥᠭᠡᠷᠡᠴᠢᠯᠡᠬᠦ ᠶᠢ ᠤᠯᠤᠰ ᠤᠨ ᠬᠢ ᠲᠠᠢ | ᠵᠡᠷᠭᠡ ᠪᠠᠷ ᠠᠬᠢᠭᠤᠯᠵᠤ᠂ ᠬᠤᠳᠠᠯᠳᠤᠭᠠᠨ ᠤ ᠬᠡᠷᠡᠭᠯᠡᠭᠡᠨ ᠤ ᠨᠢᠭᠤᠴᠠ ᠲᠡᠮᠳᠡᠭ ᠤᠨ ᠰᠢᠰᠲ᠋ᠧᠮ ᠢ ᠢᠵᠢ | ᠪᠦᠷᠢᠳᠦᠭᠦᠯᠦᠨ ᠳᠡᠰ ᠳᠡᠪᠰᠢᠭᠦᠯᠬᠦ ᠠᠵᠢᠯ ᠢ ᠪᠡᠶᠡᠯᠡᠭᠦᠯᠣᠨ᠂ ᠰᠦᠢᠳᠭᠡᠯ ᠬᠤᠷᠢᠶᠠᠬᠤ ᠦᠷᠲᠡᠭᠡ᠂ ᠰᠦᠢᠳᠭᠡᠯ | ᠬᠤᠷᠢᠶᠠᠬᠤ ᠲᠡᠷᠭᠡᠨ ᠵᠠᠮ᠂ ᠲᠡᠷᠭᠡ ᠵᠣᠭᠰᠣᠭᠠᠬᠤ ᠦᠭᠡᠢ ᠪᠠᠷ ᠰᠦᠢᠳᠬᠡᠯ ᠬᠤᠷᠢᠶᠠᠬᠤ ᠡᠯᠧᠺᠲᠷᠣᠨ ᠰᠢᠰᠲ᠋ᠧᠮ ︵ | ETC︶ ᠤᠨ ᠡᠭᠦᠳᠡ ᠮᠠᠶ᠋ᠢᠭ ᠤᠨ ᠴᠠᠬᠤᠯᠠᠭᠤᠷ ᠰᠢᠰᠲ᠋ᠧᠮ ᠤᠨ ᠬᠠᠲᠠᠭᠤ ᠬᠡᠷᠡᠭᠰᠡᠯ ᠵᠢᠴᠢ ᠵᠥᠭᠡᠯᠡᠨ ᠬᠡᠷᠡᠭᠰᠡᠯ ᠢ | ᠪᠠᠷᠢᠮᠵᠢᠶᠠᠵᠢᠭᠤᠯᠣᠨ ᠪᠦᠲᠦᠭᠡᠨ ᠪᠠᠶᠢᠭᠤᠯᠵᠣ ᠥᠭᠡᠷᠡᠴᠢᠯᠡᠬᠦ᠂ ᠲᠤᠭ᠎ᠠ ᠪᠠᠷᠢᠮᠲᠠ ᠳᠠᠮᠵᠢᠭᠤᠯᠬᠤ ᠬᠤᠯᠪᠤᠭᠠᠰᠤ ᠴᠡᠭ ᠢ | ᠳᠡᠰ ᠳᠡᠪᠰᠢᠭᠦᠯᠵᠣ ᠥᠭᠡᠷᠡᠴᠢᠯᠡᠬᠦ᠂ ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠨᠤᠷᠠᠭᠠᠬᠤ ᠪᠠ | ᠥᠭᠡᠷᠡᠴᠢᠯᠡᠬᠦ᠂ ᠤᠷᠤᠴᠠ ᠳᠤ ᠲᠤᠭᠳᠠᠭᠰᠠᠨ ᠬᠡᠮᠵᠢᠶ᠎ᠡ ᠳᠠᠭᠠᠭᠠᠴᠠ᠂ ᠬᠦᠮᠦᠨ ᠤ ᠲᠤᠭ᠎ᠠ ᠪᠠ ᠬᠤᠷᠳᠤᠴᠠ ᠠᠴᠠ | ᠬᠡᠲᠦᠷᠡᠬᠦᠯᠬᠦ ᠶᠢ ᠵᠠᠰᠠᠬᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠵᠦ᠂ ᠰᠢᠰᠲ᠋ᠧᠮ ᠤᠨ ᠰᠦᠯᠵᠢᠶᠡᠨ ᠤ | ᠠᠮᠤᠷ ᠲᠦᠪᠰᠢᠨ ᠤ ᠲᠠᠯ᠎ᠠ ᠪᠠᠷ ᠬᠢ ᠪᠠᠲᠤᠯᠠᠭ᠎ᠠ ᠶᠢ ᠴᠢᠩᠭᠠᠳᠬᠠᠨ᠎ᠠ᠃ ᠮᠠᠨ ᠤ ᠣᠷᠣᠨ ᠡᠪᠦᠯ ᠡᠷᠲᠡ ᠣᠷᠣᠬᠤ᠂ | ᠪᠠᠷᠢᠯᠭ᠎ᠠ ᠪᠠᠷᠢᠬᠤ ᠬᠤᠭᠤᠴᠠᠭ᠎ᠠ ᠣᠬᠤᠷ ᠣᠨᠴᠠᠯᠢᠭ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠥᠷᠰᠢ | ᠵᠡᠷᠭᠡᠯᠡᠳᠡᠭᠡ ᠮᠣᠵᠢ ᠣᠷᠣᠨ ᠯᠤᠭ᠎ᠠ ᠬᠤᠷᠰᠢᠵᠦ ᠬᠤᠯᠪᠣᠭᠠᠯᠠᠨ ᠬᠥᠳᠡᠯᠦᠯᠴᠡᠵᠦ᠂ ᠪᠠᠷᠢᠯᠭ᠎ᠠ ᠶᠢᠨ ᠬᠤᠭᠤᠴᠠᠭ᠎ᠠ ᠶᠢ | ᠵᠤᠬᠢᠰᠲᠠᠢ ᠲᠤᠬᠢᠷᠠᠭᠤᠯᠤᠨ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠤᠭᠤᠴᠠᠭ᠎ᠠ | ᠶᠣᠰᠣᠭᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠵᠤ᠂ 2019 ᠣᠨ ᠤ 10 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | 3. ᠰᠢᠰᠲ᠋ᠧᠮ ᠢ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠲᠤᠷᠰᠢᠬᠤ ᠶᠢ ᠥᠷᠨᠢᠭᠦᠯᠵᠦ᠂ ᠰᠢᠰᠲ᠋ᠧᠮ ᠤᠨ | ᠰᠣᠯᠢᠬᠤ ᠨᠥᠬᠦᠴᠡᠯ ᠢ ᠪᠦᠷᠢᠯᠳᠦᠭᠦᠯᠣᠨ᠂ ᠠᠮᠤᠷ ᠲᠦᠪᠰᠢᠨ ᠢᠶᠠᠷ ᠰᠦᠯᠵᠢᠶᠡᠨ ᠳᠤ ᠤᠷᠤᠭᠤᠯᠬᠤ ᠰᠢᠯᠭᠠᠯᠲᠠ ᠶᠢ | ᠪᠡᠶᠡᠯᠡᠭᠦᠯᠦᠨ᠎ᠡ᠃ ᠤᠯᠤᠰ ᠤᠨ ᠨᠢᠭᠡᠳᠦᠯᠲᠡᠢ ᠴᠠᠭ ᠤᠨ ᠱᠠᠭᠠᠷᠳᠠᠯᠭ᠎ᠠ ᠶᠣᠰᠣᠭᠠᠷ᠂ ᠰᠢᠨ᠎ᠡ ᠰᠢᠰᠲ᠋ᠧᠮ ᠢᠶᠠᠷ | ᠬᠠᠭᠤᠴᠢᠨ ᠰᠢᠰᠲ᠋ᠧᠮ ᠢ ᠰᠤᠯᠢᠬᠤ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠤᠨ ᠲᠡᠭᠡᠭᠡᠪᠦᠷᠢᠯᠡᠨ ᠡᠵᠡᠩᠨᠡᠬᠦ | ᠦᠢᠯᠡᠴᠢᠯᠡᠭᠡᠨ ᠤ ᠵᠠᠯᠭᠠᠯᠳᠤᠭᠤᠯᠬᠤ ᠠᠵᠢᠯ ᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠵᠤ᠂ 2019 ᠣᠨ ᠤ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | ︵ᠬᠤᠶᠠᠷ︶ ᠲᠡᠷᠭᠡ ᠵᠣᠭᠰᠣᠭᠠᠬᠤ ᠦᠭᠡᠢ ᠪᠠᠷ ᠰᠦᠢᠳᠬᠡᠯ ᠬᠤᠷᠢᠶᠠᠬᠤ ᠡᠯᠧᠺᠲᠷᠣᠨ ᠰᠢᠰᠲ᠋ᠧᠮ ︵ETC︶ | ᠢ ᠲᠦᠭᠡᠮᠡᠯᠵᠢᠭᠦᠯᠦᠨ ᠬᠡᠷᠡᠭᠯᠡᠬᠦ ᠶᠢ ᠲᠦᠷᠭᠡᠳᠬᠡᠨ᠎ᠡ᠃ | 1. ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡ ᠵᠣᠭᠰᠣᠭᠠᠬᠤ ᠦᠭᠡᠢ ᠪᠠᠷ ᠪᠤᠰᠢᠭᠤ ᠲᠦᠷᠭᠡᠨ | ᠰᠦᠢᠳᠬᠡᠯ ᠬᠤᠷᠢᠶᠠᠬᠤ ᠡᠯᠧᠺᠲᠷᠣᠨ ᠬᠡᠷᠡᠭᠯᠡᠭᠡᠨ ᠤ ᠦᠢᠯᠡᠴᠢᠯᠡᠭᠡᠨ ᠢ ᠲᠦᠷᠭᠡᠳᠬᠡᠨ ᠠᠬᠢᠭᠤᠯᠬᠤ ᠲᠤᠬᠠᠶ | ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠪᠤᠲᠠᠲᠠᠢ ᠲᠠᠢ ᠤᠶᠠᠯᠳᠤᠭᠤᠯᠤᠨ᠂ | ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ | ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ︶ | 2. ETC ᠤᠨ ᠣᠯᠠᠨ ᠲᠠᠯᠠᠪᠤᠷ ᠭᠠᠵᠠᠷ ᠲᠠᠬᠢ ᠬᠡᠷᠡᠭᠯᠡᠭᠡ ᠶᠢ ᠪᠠᠶᠢᠭᠤᠯᠵᠤ᠂ ᠦᠢᠯᠡᠴᠢᠯᠡᠭᠡᠨ ᠤ | ᠴᠢᠳᠠᠮᠵᠢ ᠶᠢ ᠨᠢ ᠥᠷᠭᠡᠳᠬᠡᠨ᠂ ᠲᠡᠷᠭᠡᠨ ᠤ ᠵᠣᠭᠰᠣᠭᠠᠯ᠂ ᠲᠣᠰᠤ ᠨᠡᠮᠡᠬᠦ ᠦᠷᠲᠡᠭᠡ᠂ ᠦᠢᠯᠡᠴᠢᠯᠡᠭᠡᠨ ᠤ ᠲᠣᠭᠤᠷᠢᠭ | ᠵᠡᠷᠭᠡ ᠲᠡᠷᠭᠡ ᠲᠠᠢ ᠬᠤᠯᠪᠤᠭ᠎ᠠ ᠪᠦᠬᠦᠢ ᠭᠠᠵᠠᠷ ᠲᠤ ETC ᠬᠡᠷᠡᠭᠯᠡᠬᠦ ᠶᠢ ᠵᠣᠷᠢᠬᠵᠢᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ | ᠮᠥᠴᠢᠷ ᠬᠠᠮᠵᠢᠯᠴᠠᠨ᠎ᠠ︶ | 3. ᠲᠡᠷᠭᠡᠨ ᠳᠤ ᠤᠭᠰᠠᠷᠠᠬᠤ ETC ᠤᠨ ᠲᠤᠨᠤᠭᠯᠠᠯ ︵OBU︶ ᠢ ᠰᠦᠢᠳᠬᠡᠯ ᠬᠤᠷᠢᠶᠠᠬᠤ ᠦᠭᠡᠢ ᠪᠠᠷ | ᠤᠭᠰᠠᠷᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠢᠨᠲ᠋ᠧᠷ ᠰᠦᠯᠵᠢᠶᠡᠨ ᠤ ᠲᠠᠪᠴᠠᠩ ᠲᠠᠢ ᠬᠤᠯᠪᠣᠭᠠᠯᠠᠨ᠂ | ᠵᠠᠬ᠎ᠠ ᠳᠡᠯᠭᠡᠭᠦᠷᠴᠢᠯᠡᠬᠦ ᠪᠠᠷ ᠵᠠᠷᠴᠢᠮ ᠪᠣᠯᠭᠠᠵᠤ᠂ ᠰᠦᠯᠵᠢᠶ᠎ᠡ ᠪᠠᠷ ᠲᠠᠷᠬᠠᠭᠠᠵᠤ ᠦᠢᠯᠡᠴᠢᠯᠡᠬᠦ ᠶᠢ ᠢᠳᠡᠪᠬᠢᠲᠡᠢ | ᠥᠷᠨᠢᠭᠦᠯᠦᠨ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠶᠢ ᠬᠤᠯᠪᠣᠭᠠᠯᠠᠨ ᠬᠥᠳᠡᠯᠦᠯᠴᠡᠭᠦᠯᠵᠦ | ᠲᠠᠷᠬᠠᠭᠠᠬᠤ ᠶᠢ ᠪᠡᠶᠡᠯᠡᠭᠦᠯᠵᠦ᠂ ᠪᠠᠩᠬᠢ ᠶᠢᠨ ᠬᠢᠨ ᠤ ᠨᠢᠭᠡᠳᠦᠯᠲᠡᠶ ︽ᠡᠭᠦᠯᠡᠨ ᠲᠠᠪᠴᠠᠩ ᠤᠨ ᠰᠢᠭᠤᠷᠬᠠᠢ | ᠲᠣᠭᠠᠴᠠᠭ᠎ᠠ︾ APP ᠬᠢᠭᠡᠳ ᠲᠠᠷᠬᠠᠭᠠᠭᠰᠠᠨ ᠲᠠᠯ᠎ᠠ ᠶᠢᠨ ᠰᠢᠰᠲ᠋ᠧᠮ ᠢ ᠵᠠᠯᠭᠠᠯᠳᠤᠭᠤᠯᠬᠤ ᠶᠢ ᠭᠤᠤᠯᠳᠠᠯᠭ᠎ᠠ ᠲᠠᠢ | ᠲᠦᠯᠬᠢᠨ ᠠᠬᠢᠭᠤᠯᠵᠤ᠂ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ︽ᠡᠭᠦᠯᠡᠨ | ᠲᠠᠪᠴᠠᠩ ᠤᠨ ᠰᠢᠭᠤᠷᠬᠠᠢ ᠲᠣᠭᠠᠴᠠᠭ᠎ᠠ︾ ᠪᠠᠷ ᠳᠠᠮᠵᠢᠭᠤᠯᠤᠨ ᠰᠦᠯᠵᠢᠶ᠎ᠡ ᠪᠠᠷ ᠲᠠᠷᠬᠠᠭᠠᠬᠤ ᠠᠵᠢᠯ ᠢ ᠥᠷᠨᠢᠭᠦᠯᠣᠨ᠂ | ᠲᠠᠷᠬᠠᠭᠠᠬᠤ ᠬᠡᠮᠵᠢᠶ᠎ᠡ ᠪᠠᠨ ᠥᠷᠭᠡᠳᠬᠡᠨ᠎ᠡ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠪᠤᠯᠤᠨ ᠨᠦᠬᠦᠴᠡᠯ ᠲᠠᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠥᠷᠲᠡᠭᠡ ᠶᠢᠨ | ᠣᠷᠤᠴᠠ ᠭᠠᠷᠴᠠ ᠶᠢᠨ ᠲᠠᠯᠠᠪᠠᠢ ᠳᠤ ETC ᠤᠭᠰᠠᠷᠠᠬᠤ ᠦᠢᠯᠡᠴᠢᠯᠡᠭᠡ ᠶᠢ ᠥᠷᠨᠢᠭᠦᠯᠵᠦ᠂ ᠲᠠᠷᠬᠠᠭᠠᠬᠤ | ᠪᠠᠶᠢᠭᠤᠯᠤᠮᠵᠢ ᠶᠢ ᠵᠤᠬᠢᠶᠠᠨ ᠪᠠᠶᠢᠭᠤᠯᠵᠤ ᠪᠠᠶᠢᠭᠠᠳ ᠪᠠᠩᠬᠢ᠂ ᠳᠠᠭᠠᠳᠬᠠᠯ᠂ ᠴᠠᠬᠢᠯᠭᠠᠨ ᠬᠤᠯᠪᠣᠭᠠᠨ ᠤ | ᠠᠵᠢᠯᠯᠠᠭᠤᠯᠵᠤ ᠡᠵᠡᠩᠨᠡᠬᠦ ᠬᠤᠳᠠᠯᠳᠤᠭᠠᠴᠢᠨ ᠵᠡᠷᠭᠡ ᠦᠢᠯᠡᠴᠢᠯᠡᠭᠡᠨ ᠤ ᠲᠣᠣᠷ ᠴᠢᠭ ᠵᠢᠴᠢ ᠲᠣᠰᠤ ᠨᠡᠮᠡᠬᠦ ᠦᠷᠲᠡᠭᠡ᠂ | 4S ᠳᠡᠯᠭᠡᠭᠦᠷ᠂ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠵᠡᠷᠭᠡ ᠲᠡᠷᠭᠡ ᠬᠥᠰᠬᠡ ᠲᠥᠪᠯᠡᠷᠡᠭᠰᠡᠨ ᠲᠠᠯᠠᠪᠤᠷ | ᠭᠠᠵᠠᠷ ᠯᠤᠭ᠎ᠠ ᠵᠠᠯᠭᠠᠯᠳᠤᠭᠤᠯᠵᠤ᠂ ᠣᠶᠢᠷ᠎ᠠ ᠬᠠᠪᠢ ᠳᠤ ᠨᠢ ᠨᠢᠭᠡ ᠥᠷᠲᠡᠭᠡ ᠮᠠᠶ᠋ᠢᠭ ᠤᠨ ᠪᠦᠬᠦ ᠴᠤᠪᠤᠷᠠᠯ ᠢᠶᠠᠷ | ᠤᠭᠰᠠᠷᠠᠬᠤ ᠦᠢᠯᠡᠴᠢᠯᠡᠭᠡ ᠬᠠᠩᠭᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ | ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠰᠠᠭᠤᠭ᠎ᠠ ᠭᠠᠵᠠᠷ ᠤᠨ ᠲᠠᠷᠬᠠᠭᠠᠬᠤ ᠪᠠᠶᠢᠭᠤᠯᠤᠮᠵᠢ ᠯᠤᠭ᠎ᠠ | ᠬᠤᠯᠪᠣᠭᠠᠯᠠᠨ᠂ ᠰᠠᠭᠤᠭᠠᠯᠢ ᠠᠷᠠᠳ ᠤᠨ ᠲᠣᠭᠤᠷᠢᠭ ᠪᠣᠯᠤᠨ ᠲᠣᠰᠬᠤᠨ ᠪᠠᠯᠭᠠᠰᠤᠨ ᠳᠤ ᠭᠦᠨᠵᠡᠭᠡᠶᠢᠷᠡᠨ | ᠤᠬᠠᠭᠤᠯᠭ᠎ᠠ ᠪᠠᠨ ᠴᠢᠩᠭᠠᠳᠬᠠᠵᠤ᠂ ᠬᠡᠷᠡᠭᠯᠡᠭᠴᠢ ᠶᠢ ᠬᠦᠲᠦᠯᠦᠨ ᠵᠢᠯᠤᠭᠤᠳᠴᠦ ᠪᠠᠶᠢᠭᠠᠳ ᠰᠦᠯᠵᠢᠶ᠎ᠡ ᠪᠠᠷ | ᠭᠦᠢᠴᠡᠳᠭᠡᠯᠭᠡᠵᠦ᠂ ᠪᠥᠬᠦ ᠣᠷᠣᠨ ᠤ ᠲᠠᠩᠰᠠ ᠡᠷᠦᠬᠡ ᠲᠠᠢ ᠲᠡᠷᠭᠡ ᠬᠥᠰᠬᠡ ᠶᠢᠨ ETC ᠤᠭᠰᠠᠷᠠᠬᠤ ᠨᠣᠷᠮ᠎ᠠ ᠶᠢ | 80% ᠠᠴᠠ ᠳᠡᠭᠡᠭᠰᠢ ᠳᠤ ᠬᠦᠷᠦᠭᠦᠯᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠳᠤ ᠭᠠᠷᠬᠤ ᠲᠡᠷᠭᠡ ᠬᠥᠰᠬᠡ ᠶᠢᠨ | ᠬᠡᠷᠡᠭᠯᠡᠬᠦ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ᠡᠭᠦᠨ ᠤ ᠬᠠᠮᠲᠤ᠂ ᠬᠥᠮᠦᠨ ᠤ ᠬᠦᠴᠦ ᠪᠠᠷ | ᠰᠦᠢᠳᠬᠡᠯ ᠬᠤᠷᠢᠶᠠᠬᠤ ᠲᠡᠷᠭᠡᠨ ᠵᠠᠮ ᠳᠤ ᠭᠠᠷ ᠤᠲᠠᠰᠤᠨ ᠤ ᠰᠢᠯᠵᠢᠭᠡ ᠪᠠᠷ ᠲᠣᠭᠠᠴᠠᠭ᠎ᠠ ᠬᠢᠬᠦ ᠶᠢ ᠨᠡᠶᠢᠳᠡᠮ | ᠬᠡᠷᠡᠭᠵᠢᠭᠦᠯᠵᠣ ᠪᠡᠶᠡᠯᠡᠭᠦᠯᠦᠨ᠎ᠡ᠃ ︵ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠨ᠎ᠠ︶ | 4. ᠵᠦᠷᠢᠶᠡᠵᠢᠭᠰᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ETC | ᠤᠭᠰᠠᠷᠠᠭᠤᠯᠵᠣ ᠭᠦᠢᠴᠡᠳᠬᠡᠬᠦ ᠶᠢ ᠵᠣᠷᠢᠬᠵᠢᠭᠤᠯᠤᠨ᠎ᠠ᠃ 2019 ᠣᠨ ᠤ 7 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ᠂ ᠮᠠᠨ ᠤ ᠣᠷᠣᠨ ᠤ ᠪᠤᠢ ᠪᠦᠬᠦᠢ ᠳᠡᠭᠡᠳᠦ ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ ᠲᠡᠷᠭᠡ | ᠬᠥᠰᠬᠡ᠂ ETC ᠠᠶᠠᠨᠴᠢᠳ ᠤᠨ ᠲᠡᠷᠭᠡ᠂ ᠪᠠᠷᠠᠭᠠᠨ ᠤ ᠲᠡᠷᠭᠡ ᠶᠢᠨ ᠵᠠᠮ ᠨᠡᠪᠲᠡᠷᠡᠯᠭᠡ ᠶᠢᠨ ᠰᠦᠢᠳᠬᠡᠯ ᠢ 9. | 5 ᠪᠠᠷ ᠨᠤᠭᠤᠯᠵᠣ ᠬᠤᠷᠢᠶᠠᠨ᠎ᠠ᠃ ᠪᠦᠬᠦ ᠣᠷᠣᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ | ᠦᠢᠯᠡᠰ ᠤᠨ ᠨᠢᠭᠡᠴᠢ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠵᠡᠷᠭᠡ ᠨᠢᠭᠡᠴᠢ ᠶᠢᠨ ᠲᠡᠷᠭᠡ ᠬᠥᠰᠬᠡ ᠤᠳ ᠴᠥᠮ ETC | ᠭᠦᠢᠴᠡᠳᠭᠡᠯ ᠬᠢᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠵᠤ᠂ 2019 | ᠣᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ︶ | 5. ᠮᠠᠰᠢᠨᠲᠤ ᠲᠡᠷᠭᠡᠨ ᠤ ᠳᠠᠩᠰᠠᠯᠠᠨ ᠲᠡᠮᠳᠡᠭᠯᠡᠭᠦᠯᠦᠭᠰᠡᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ | ᠪᠡᠶᠡᠯᠡᠭᠦᠯᠵᠦ᠂ ᠲᠡᠷᠭᠡ ᠬᠥᠰᠬᠡ ᠳᠤ ᠲᠡᠷᠭᠡᠨ ᠳᠤ ᠤᠭᠰᠠᠷᠠᠬᠤ ETC ᠤᠨ ᠲᠤᠨᠤᠭᠯᠠᠯ ᠤᠭᠰᠠᠷᠠᠬᠤ ᠳᠤ ᠳᠥᠭᠦᠮ | ᠦᠵᠡᠭᠦᠯᠦᠨ᠂ ᠲᠡᠷᠭᠡ ᠬᠥᠰᠬᠡ ᠶᠢᠨ ᠮᠡᠳᠡᠭᠡ ᠵᠠᠩᠭᠢ ᠶᠢᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ | ᠪᠠᠲᠤᠯᠠᠵᠤ᠂ ︽ᠲᠣᠮᠣ ᠲᠡᠷᠭᠡ ᠨᠢ ᠪᠠᠭ᠎ᠠ ᠲᠡᠷᠭᠡᠨ ᠤ ᠪᠠᠷᠢᠮᠵᠢᠶ᠎ᠠ ᠪᠠᠷ ᠰᠦᠢᠳᠭᠡᠯ ᠲᠤᠰᠢᠶᠠᠬᠤ︾ ᠠᠴᠠ ᠵᠠᠶᠢᠯᠠᠰᠬᠢᠵᠦ᠂ | ᠲᠡᠷᠭᠡ ᠬᠥᠰᠬᠡ ᠶᠢᠨ ᠵᠠᠮ ᠨᠡᠪᠲᠡᠷᠡᠯᠭᠡ ᠶᠢᠨ ᠰᠦᠢᠳᠭᠡᠯ ᠢ ︽ᠬᠤᠷᠢᠶᠠᠪᠠᠰᠤ ᠵᠣᠬᠢᠬᠤ ᠪᠦᠬᠦᠨ ᠠᠴᠠ ᠬᠤᠷᠢᠶᠠᠬᠤ︾ | ᠶᠢ ᠪᠠᠲᠤᠯᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠨ᠎ᠠ︶ | 6. ᠮᠠᠰᠢᠨ ᠲᠡᠷᠭᠡᠨ ᠳᠤ ᠪᠠᠶᠢᠷᠢᠯᠠᠭᠤᠯᠵᠤ ᠤᠭᠰᠠᠷᠠᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠶᠠᠮᠤᠨ ᠤ ᠲᠡᠷᠭᠡᠨ ᠳᠤ ᠤᠭᠰᠠᠷᠠᠬᠤ ETC ᠤᠨ ᠲᠤᠨᠤᠭᠯᠠᠯ ᠤᠨ ᠮᠡᠷᠭᠡᠵᠢᠯ ᠤᠨ | ᠪᠠᠷᠢᠮᠵᠢᠶ᠎ᠠ ᠶᠣᠰᠣᠭᠠᠷ᠂ 2020 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠰᠢᠨ᠎ᠡ ᠪᠠᠷ | ᠭᠤᠶᠤᠴᠢᠯᠠᠵᠤ ᠵᠥᠪᠰᠢᠶᠡᠷᠡᠭᠦᠯᠦᠭᠰᠡᠨ ᠲᠡᠷᠭᠡ ᠨᠢ ᠲᠤᠬᠢᠷᠠᠭᠤᠯᠣᠯ ᠰᠣᠩᠭᠤᠨ ᠤᠭᠰᠠᠷᠠᠬᠤ ᠳᠤ ᠲᠡᠷᠭᠡᠨ ᠳᠤ | ᠤᠭᠰᠠᠷᠠᠬᠤ ETC ᠤᠨ ᠲᠤᠨᠤᠭᠯᠠᠯ ᠨᠡᠮᠡᠬᠦ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | ᠬᠠᠮᠵᠢᠯᠴᠠᠨ᠎ᠠ︶ | ︵ᠭᠤᠷᠪᠠ︶ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢ | ᠲᠦᠷᠭᠡᠳᠬᠡᠨ᠎ᠡ᠃ | 1. ᠴᠢᠬᠤᠯᠠ ᠶᠡᠭᠡ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠵᠢᠵᠢᠭ ᠬᠡᠯᠪᠡᠷᠢ ᠶᠢᠨ | ᠠᠶᠠᠨᠴᠢᠳ ᠤᠨ ᠲᠡᠷᠭᠡ ᠶᠢ ᠰᠦᠢᠳᠬᠡᠯ ᠬᠤᠷᠢᠶᠠᠬᠤ ᠦᠭᠡᠢ ᠪᠠᠷ ᠨᠡᠪᠲᠡᠷᠡᠭᠦᠯᠬᠦ ᠪᠠ ᠰᠢᠨ᠎ᠡ ᠰᠤᠷᠭᠤᠭ | ᠲᠠᠷᠢᠶᠠᠯᠠᠩ ᠤᠨ ᠪᠦᠲᠦᠭᠡᠭᠳᠡᠬᠦᠨ ᠢ ︽ᠰᠠᠭᠠᠳ ᠦᠭᠡᠢ ᠵᠠᠮ︾ ᠢᠶᠠᠷ ᠲᠡᠭᠡᠭᠡᠪᠦᠷᠢᠯᠡᠬᠦ ᠵᠡᠷᠭᠡ ᠵᠠᠮ ᠨᠡᠪᠲᠡᠷᠡᠯᠭᠡ ᠶᠢᠨ | ᠰᠦᠢᠳᠭᠡᠯ ᠢ ᠬᠥᠩᠭᠡᠯᠡᠵᠦ ᠬᠡᠯᠲᠦᠷᠢᠭᠦᠯᠬᠦ ᠶᠢ ᠰᠢᠯᠢᠳᠡᠭᠵᠢᠭᠦᠯᠬᠦ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠣᠷᠣᠨ ᠤ ᠲᠡᠷᠭᠡ ᠵᠣᠭᠰᠣᠭᠠᠵᠤ ᠪᠠᠶᠢᠴᠠᠭᠠᠨ ᠰᠢᠯᠭᠠᠬᠤ᠂ ᠲᠥᠪ ᠭᠤᠤᠯᠴᠢ ᠪᠤᠯᠤᠨ ᠦᠷ᠎ᠡ | ᠪᠦᠲᠦᠮᠵᠢ ᠶᠢ ᠨᠥᠯᠥᠭᠡᠯᠡᠬᠦ ᠳᠤ ᠬᠤᠯᠪᠤᠭᠳᠠᠬᠤ ᠭᠠᠵᠠᠷ ᠣᠷᠣᠨ ᠤ ᠴᠢᠨᠠᠷᠲᠠᠶ ᠵᠠᠮ ᠨᠡᠪᠲᠡᠷᠡᠯᠭᠡ ᠶᠢᠨ ᠰᠦᠢᠳᠭᠡᠯ ᠢ | ᠬᠥᠩᠭᠡᠯᠡᠵᠦ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠢᠯᠭᠠᠷᠠᠭᠤᠯᠤᠨ ᠵᠢᠷᠤᠮᠵᠢᠭᠤᠯᠵᠤ᠂ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ ᠵᠠᠮ ᠨᠡᠪᠲᠡᠷᠡᠯᠭᠡ ᠶᠢᠨ ᠰᠦᠢᠳᠭᠡᠯ ᠢ ᠬᠥᠩᠭᠡᠯᠡᠵᠦ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢ ᠳᠠᠬᠢᠨ ᠬᠠᠷᠭᠤᠭᠤᠯᠤᠨ ᠲᠣᠭᠲᠠᠭᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ ᠬᠠᠷᠢᠭᠤᠴᠠᠵᠤ᠂ 2019 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠡᠶᠡᠯᠡᠭᠦᠯᠦᠨ᠎ᠡ︶ | 2. ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠰᠦᠢᠳᠭᠡᠯ ᠬᠤᠷᠢᠶᠠᠬᠤ ᠵᠠᠰᠠᠮᠠᠯ ᠵᠠᠮ ᠤᠨ ᠲᠡᠷᠭᠡ | ᠬᠦᠰᠭᠡ ᠶᠢᠨ ᠵᠠᠮ ᠨᠡᠪᠲᠡᠷᠡᠯᠭᠡ ᠶᠢᠨ ᠰᠦᠢᠳᠭᠡᠯ ᠤᠨ ᠲᠡᠷᠭᠡᠨ ᠬᠡᠯᠪᠡᠷᠢ ᠶᠢᠨ ᠲᠥᠷᠥᠯ ᠠᠩᠭᠢᠯᠠᠯ︾ ᠤᠨ ᠪᠠᠷᠢᠮᠵᠢᠶ᠎ᠠ | ᠶᠣᠰᠣᠭᠠᠷ᠂ ᠪᠠᠷᠠᠭᠠᠨ ᠤ ᠲᠡᠷᠭᠡ ᠠᠴᠠ ᠲᠡᠷᠭᠡ ︵ᠲᠡᠩᠭᠡᠯᠢᠭ ᠤᠨ ᠲᠤᠭ᠎ᠠ︶ ᠶᠢᠨ ᠬᠡᠯᠪᠡᠷᠢ ᠪᠠᠷ ᠰᠦᠢᠳᠬᠡᠯ | ᠬᠤᠷᠢᠶᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠣ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠷᠠᠭᠠᠨ ᠤ | ᠲᠡᠷᠭᠡ ᠶᠢᠨ ᠵᠠᠮ ᠨᠡᠪᠲᠡᠷᠡᠯᠭᠡ ᠶᠢᠨ ᠰᠦᠢᠳᠭᠡᠯ ᠤᠨ ᠨᠣᠷᠮ᠎ᠠ ᠶᠢᠨ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ | ᠲᠥᠰᠦᠭᠡᠯᠡᠨ ᠪᠣᠳᠣᠬᠤ ᠪᠠ ᠲᠣᠬᠢᠷᠠᠭᠤᠯᠵᠤ᠂ ᠪᠠᠷᠠᠭᠠᠨ ᠤ ᠲᠡᠷᠭᠡ ᠶᠢᠨ ᠵᠠᠮ ᠨᠡᠪᠲᠡᠷᠡᠯᠭᠡ ᠶᠢᠨ ᠰᠦᠢᠳᠭᠡᠯ ᠤᠨ | ᠶᠡᠷᠦᠩᠬᠡᠶ ᠳᠠᠷᠤᠭᠠᠰᠤ ᠶᠢ ᠦᠯᠦ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠶ᠃ 2020 ᠣᠨ ᠤ 1 ᠳ᠋ᠤᠭᠡᠷ ᠰᠠᠷ᠎ᠠ ᠶᠢᠨ | 1 ᠤ ᠡᠳᠦᠷ ᠠᠴᠠ ᠡᠬᠢᠯᠡᠨ᠂ ᠲᠡᠷᠭᠡ ︵ᠲᠡᠩᠭᠡᠯᠢᠭ ᠤᠨ ᠲᠤᠭ᠎ᠠ︶ ᠶᠢᠨ ᠬᠡᠯᠪᠡᠷᠢ ᠪᠠᠷ ᠨᠢᠭᠡᠳᠦᠯᠲᠡᠶ ᠰᠦᠢᠳᠬᠡᠯ | ᠬᠤᠷᠢᠶᠠᠨ᠎ᠠ᠃ ᠪᠢᠲᠡᠭᠦᠮᠵᠢᠯᠡᠭᠰᠡᠨ ᠮᠠᠶ᠋ᠢᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠭᠡᠯ ᠬᠤᠷᠢᠶᠠᠬᠤ | ᠦᠷᠲᠡᠭᠡᠨ ᠤ ᠤᠷᠤᠴᠠ ᠳᠤ ᠲᠡᠷᠭᠡ ᠵᠣᠭᠰᠣᠭᠠᠬᠤ ᠦᠭᠡᠢ ᠪᠠᠷ ᠬᠦᠨᠳᠦ ᠶᠢ ᠨᠢ ᠬᠡᠮᠵᠢᠨ ᠪᠠᠶᠢᠴᠠᠭᠠᠨ ᠰᠢᠨᠵᠢᠬᠦ ᠶᠢ | ᠵᠡᠷᠭᠡ ᠳᠤ ᠨᠢ ᠬᠡᠷᠡᠭᠵᠢᠭᠦᠯᠬᠦ ᠬᠡᠷᠡᠭᠲᠡᠶ᠃ ᠲᠡᠷᠭᠡᠨ ᠤ ᠬᠡᠯᠪᠡᠷᠢ ᠶᠢᠨ ᠲᠥᠷᠥᠯ ᠠᠩᠭᠢᠯᠠᠯ ᠤᠨ ᠪᠠᠷᠢᠮᠵᠢᠶ᠎ᠠ ᠶᠢ | ᠲᠣᠬᠢᠷᠠᠭᠤᠯᠬᠤ ᠪᠠ ᠣᠷᠣᠨ ᠨᠤᠲᠤᠭ ᠤᠨ ᠴᠢᠨᠠᠷᠲᠠᠢ ᠬᠥᠩᠭᠡᠯᠡᠵᠦ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ | ᠢᠯᠭᠠᠷᠠᠭᠤᠯᠤᠨ ᠵᠢᠷᠤᠮᠵᠢᠭᠤᠯᠬᠤ ᠠᠵᠢᠯ ᠲᠠᠢ ᠤᠶᠠᠯᠳᠤᠭᠤᠯᠤᠨ᠂ ᠳᠡᠭᠡᠳᠦ ᠬᠤᠷᠳᠤ ᠶᠢᠨ ᠵᠠᠰᠠᠮᠠᠯ ᠵᠠᠮ ᠤᠨ | ᠵᠦᠷᠢᠶᠡᠵᠢᠭᠰᠡᠨ ᠰᠦᠢᠳᠬᠡᠯ ᠬᠤᠷᠢᠶᠠᠬᠤ ᠪᠣᠳᠤᠯᠭ᠎ᠠ ᠶᠢ ᠦᠷᠭᠦᠯᠵᠢᠯᠡᠨ ᠲᠦᠭᠡᠮᠡᠯᠵᠢᠭᠦᠯᠵᠦ᠂ ᠵᠠᠯᠠᠵᠤ ᠵᠢᠯᠤᠭᠤᠳᠬᠤ | ᠪᠠ ᠬᠥᠲᠥᠯᠥᠨ ᠵᠢᠯᠣᠭᠤᠳᠬᠤ ᠶᠢ ᠵᠡᠷᠭᠡ ᠳᠤ ᠨᠢ ᠠᠳᠬᠤᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ | ᠬᠡᠷᠡᠭᠯᠡᠭᠡᠨ ᠤ ᠦᠷ᠎ᠡ ᠪᠦᠲᠦᠮᠵᠢ ᠪᠠ ᠨᠡᠪᠲᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ | ᠬᠠᠷᠢᠭᠤᠴᠠᠨ᠎ᠠ︶ | 3. ᠠᠶᠤᠯᠲᠠᠶ ᠬᠢᠮᠢ ᠶᠢᠨ ᠪᠤᠳᠠᠰ ᠲᠡᠭᠡᠭᠡᠪᠦᠷᠢᠯᠡᠬᠦ ᠲᠡᠷᠭᠡ ᠬᠥᠰᠬᠡ ᠪᠠ ᠮᠣᠲ᠋ᠣᠷ ᠲᠡᠷᠭᠡᠨ ᠤ ᠳᠡᠭᠡᠳᠦ | ᠬᠤᠷᠳᠤ ᠶᠢᠨ ᠵᠠᠰᠠᠮᠠᠯ ᠵᠠᠮ ᠢᠶᠠᠷ ᠨᠡᠪᠲᠡᠷᠡᠬᠦ ᠵᠡᠷᠭᠡ ᠶᠢ ᠨᠢᠭᠡᠳᠦᠯᠲᠡᠢ ᠪᠣᠯᠭᠠᠬᠤ ᠤᠯᠤᠰ ᠤᠨ ᠬᠤᠯᠪᠤᠭᠳᠠᠯ ᠪᠦᠬᠦᠢ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ | ᠬᠠᠷᠢᠭᠤᠴᠠᠨ᠎ᠠ︶ | 4. ᠳᠡᠭᠡᠳᠦ ᠬᠤᠷᠳᠤ ᠶᠢᠨ ᠵᠠᠰᠠᠮᠠᠯ ᠵᠠᠮ ᠤᠨ ᠢᠲᠡᠭᠡᠮᠵᠢ ᠶᠢᠨ ᠰᠢᠰᠲ᠋ᠧᠮᠵᠢ ᠶᠢᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠣ᠂ ᠵᠠᠮ ᠨᠡᠪᠲᠡᠷᠡᠯᠭᠡ ᠶᠢᠨ ᠰᠦᠢᠳᠬᠡᠯ | ᠲᠤᠰᠢᠶᠠᠬᠤ ᠠᠴᠠ ᠵᠠᠶᠢᠯᠠᠵᠤ ᠲᠤᠲᠠᠭᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ | ᠥᠭᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠡᠷᠭᠡ ᠬᠥᠰᠬᠡ ᠶᠢᠨ ᠵᠠᠮ ᠨᠡᠪᠲᠡᠷᠡᠯᠭᠡ ᠶᠢᠨ ᠰᠦᠢᠳᠬᠡᠯ | ᠲᠤᠰᠢᠶᠠᠬᠤ ᠠᠴᠠ ᠵᠠᠶᠢᠯᠠᠵᠤ ᠲᠤᠲᠠᠭᠠᠬᠤ ᠵᠡᠷᠭᠡ ᠢᠲᠡᠭᠡᠯ ᠠᠯᠳᠠᠭᠰᠠᠨ ᠦᠢᠯᠡ ᠠᠵᠢᠯᠯᠠᠭ᠎ᠠ ᠳᠤ ᠬᠠᠮᠲᠤᠷᠠᠨ | ᠵᠠᠯᠬᠠᠭᠠᠵᠣ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠵᠤ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠬᠠᠮᠵᠢᠯᠴᠠᠨ᠎ᠠ︶ | ︵ᠳᠥᠷᠪᠡ︶ ᠵᠠᠰᠠᠭ ᠤᠨ ᠣᠷᠳᠣᠨ ᠤ ᠰᠦᠢᠳᠭᠡᠯ ᠬᠤᠷᠢᠶᠠᠬᠤ ᠵᠠᠰᠠᠮᠠᠯ ᠵᠠᠮ ᠤᠨ ᠦᠯᠡᠳᠡᠭᠡᠯ ᠥᠷᠢ | ᠦᠭᠴᠡᠭᠡᠨ ᠤ ᠰᠤᠯᠢᠭᠳᠠᠯ ᠢ ᠠᠬᠢᠭᠤᠯᠤᠨ᠎ᠠ᠃ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠪᠠᠷ 2014 ᠣᠨ ᠤ ᠰᠡᠭᠦᠯᠴᠢ | ᠪᠣᠯᠲᠠᠯᠠᠬᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠵᠠᠰᠠᠭ ᠤᠨ ᠣᠷᠳᠣᠨ ᠤ ᠰᠦᠢᠳᠭᠡᠯ ᠬᠤᠷᠢᠶᠠᠬᠤ | ᠵᠠᠰᠠᠮᠠᠯ ᠵᠠᠮ ᠤᠨ ᠦᠯᠡᠳᠡᠭᠡᠯ ᠥᠷᠢ ᠥᠭᠴᠡᠭᠡ ᠶᠢ ᠰᠣᠯᠢᠬᠤ ᠶᠢ ᠵᠥᠪᠰᠢᠶᠡᠷᠡᠵᠦ᠂ ᠥᠷᠢ ᠥᠭᠴᠡᠭᠡ ᠶᠢᠨ | ᠪᠦᠲᠦᠴᠡ ᠶᠢ ᠰᠢᠯᠢᠳᠡᠭᠵᠢᠭᠦᠯᠦᠨ᠂ ᠥᠷᠢ ᠥᠭᠴᠡᠭᠡ ᠶᠢᠨ ᠬᠦᠤ ᠮᠦᠩᠭᠦᠨ ᠤ ᠳᠠᠷᠤᠭᠠᠰᠤ ᠶᠢ ᠬᠥᠩᠭᠡᠷᠡᠭᠦᠯᠵᠦ᠂ | ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ | ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠴᠤᠴᠠᠯᠬᠤ ᠳᠤ ᠠᠰᠢᠭᠲᠠᠢ ᠨᠥᠬᠦᠴᠡᠯ ᠢ ᠡᠭᠦᠳᠬᠦ | ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ | ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | ᠭᠤᠷᠪᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠤ ᠰᠦᠢᠳᠭᠡᠯ ᠬᠤᠷᠢᠶᠠᠬᠤ ᠵᠠᠰᠠᠮᠠᠯ ᠵᠠᠮ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ | ᠴᠣᠭᠴᠠᠯᠬᠤ ᠠᠵᠢᠯ ᠤᠨ ᠵᠢᠯᠣᠭᠤᠳᠬᠤ ᠭᠠᠵᠠᠷ ︵ᠳᠠᠭᠠᠯᠳᠤᠭᠤᠯᠤᠯ ᠢ ᠯᠠᠪᠯᠠᠭᠠᠷᠠᠢ︶ ᠢ ᠪᠠᠶᠢᠭᠤᠯᠵᠤ᠂ ᠬᠠᠮᠢᠶ᠎ᠠ | ᠪᠦᠬᠦᠢ ᠠᠵᠢᠯ ᠢ ᠨᠢᠭᠡᠳᠦᠯᠲᠡᠶ ᠲᠥᠯᠥᠪᠯᠡᠵᠣ ᠵᠢᠯᠣᠭᠤᠳᠤᠨ ᠵᠣᠬᠢᠴᠠᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠢ | ᠲᠤᠭᠲᠠᠭᠰᠠᠨ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠨ ᠵᠠᠳᠠᠯᠵᠤ᠂ ᠴᠢᠬᠤᠯᠠ ᠶᠡᠭᠡ ᠠᠰᠠᠭᠤᠳᠠᠯ ᠢ ᠰᠤᠳᠤᠯᠤᠨ | ᠰᠢᠢᠳᠪᠦᠷᠢᠯᠡᠵᠣ᠂ ᠪᠠᠴᠢᠮ ᠪᠠᠶᠢᠳᠠᠯ ᠢ ᠠᠷᠭᠠᠴᠠᠭᠠᠬᠤ ᠢᠨᠵᠧᠨᠧᠷᠢᠩ ᠤᠨ ᠰᠠᠭᠤᠷᠢ ᠪᠠᠶᠢᠭᠤᠯᠤᠯᠲᠠ ᠶᠢᠨ ᠳᠡᠰ | ᠳᠠᠷᠠᠭᠠᠯᠠᠯ ᠢ ᠳᠥᠭᠦᠮᠴᠢᠯᠡᠬᠦ ᠶᠣᠰᠣᠭᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠤᠯᠤᠰ ᠤᠨ ᠰᠦᠢᠳᠭᠡᠯ ᠬᠤᠷᠢᠶᠠᠬᠤ ᠵᠠᠰᠠᠮᠠᠯ ᠵᠠᠮ ᠤᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ | ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠴᠤᠴᠠᠯᠬᠤ ᠠᠵᠢᠯ ᠤᠨ ᠤᠳᠤᠷᠢᠳᠬᠤ ᠳᠤᠭᠤᠶᠢᠯᠠᠩ ᠳᠤ | ᠬᠤᠯᠪᠣᠭᠳᠠᠯ ᠪᠦᠬᠦᠢ ᠠᠵᠢᠯ ᠤᠨ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ︵ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠬᠠᠷᠢᠭᠤᠴᠠᠨ᠎ᠠ︶ | ︵ᠬᠤᠶᠠᠷ︶ ᠪᠠᠯᠠ ᠮᠦᠩᠭᠦᠨ ᠤ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ | ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠴᠤᠴᠠᠯᠬᠤ ᠠᠵᠢᠯ ᠳᠤ ᠪᠡᠯᠡ ᠮᠦᠩᠭᠦᠨ ᠤ ᠳᠡᠮᠵᠢᠯᠭᠡ | ᠦᠵᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ | ᠪᠡᠯᠡ ᠮᠥᠩᠭᠦ ᠶᠢ ᠰᠠᠯᠠᠭ᠎ᠠ ᠮᠥᠴᠢᠷ ᠤᠨ ᠣᠨ ᠤ ᠲᠥᠰᠦᠪ ᠲᠤ ᠣᠷᠣᠭᠤᠯᠵᠤ᠂ ᠲᠡᠷᠭᠡ ᠬᠥᠰᠬᠡ ᠬᠤᠳᠠᠯᠳᠤᠨ | ᠠᠪᠬᠤ ᠭᠠᠶᠢᠯᠢ ᠶᠢᠨ ᠪᠡᠯᠡ ᠮᠦᠩᠭᠦᠨ ᠠᠴᠠ ᠭᠠᠷᠭᠠᠨ᠎ᠠ᠃ ᠡᠭᠦᠨ ᠤ ᠬᠠᠮᠲᠤ᠂ ᠲᠥᠪ ᠤᠨ ᠡᠳ᠋ ᠤᠨ ᠵᠠᠰᠠᠭ ᠤᠨ | ᠪᠦᠲᠦᠴᠡ ᠶᠢᠨ ᠲᠣᠬᠢᠷᠠᠭᠤᠯᠤᠯᠲᠠ ᠪᠠᠷ ᠳᠠᠮᠵᠢᠨ ᠲᠣᠬᠢᠷᠠᠭᠤᠯᠤᠭᠰᠠᠨ ᠲᠡᠷᠭᠡ ᠬᠥᠰᠬᠡ ᠬᠤᠳᠠᠯᠳᠤᠨ ᠠᠪᠬᠤ | ᠭᠠᠶᠢᠯᠢ ᠶᠢᠨ ᠪᠡᠯᠡ ᠮᠥᠩᠭᠦ ᠶᠢ ᠢᠳᠡᠪᠬᠢᠲᠡᠶ ᠪᠠᠷ ᠴᠢᠷᠮᠠᠶᠢᠨ ᠣᠯᠬᠤ ᠬᠡᠷᠡᠭᠲᠡᠶ᠃ ᠲᠡᠷᠭᠡᠨ ᠳᠤ ᠤᠭᠰᠠᠷᠠᠬᠤ | ETC ᠤᠨ ᠲᠤᠨᠤᠭᠯᠠᠯ ᠤᠭᠰᠠᠷᠠᠬᠤ᠂ ᠰᠢᠰᠲ᠋ᠧᠮ ᠪᠤᠯᠤᠨ ᠪᠡᠯᠡᠳᠭᠡᠮᠵᠢ ᠶᠢᠨ ᠪᠦᠲᠦᠭᠡᠨ ᠪᠠᠶᠢᠭᠤᠯᠵᠤ ᠦᠭᠡᠷᠡᠴᠢᠯᠡᠬᠦ | ᠪᠠᠯᠠ ᠮᠥᠩᠭᠦ ᠶᠢ ᠵᠠᠮ ᠨᠡᠪᠲᠡᠷᠡᠯᠭᠡ ᠶᠢᠨ ᠰᠦᠢᠳᠬᠡᠯ ᠤᠨ ᠣᠷᠣᠯᠭ᠎ᠠ ᠠᠴᠠ ᠭᠠᠷᠭᠠᠬᠤ᠂ ᠡᠳ᠋ ᠤᠨ ᠵᠠᠰᠠᠭ ᠤᠨ | ᠨᠥᠬᠦᠪᠥᠷᠢ ᠥᠭᠬᠦ ᠵᠡᠷᠭᠡ ᠠᠷᠭ᠎ᠠ ᠪᠠᠷ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠲᠣᠭᠲᠠᠴᠠ ᠪᠠᠷ ᠳᠠᠮᠵᠢᠭᠤᠯᠤᠨ ᠪᠠᠯᠠ | ᠮᠥᠩᠭᠦ ᠴᠤᠭᠯᠠᠭᠤᠯᠬᠤ ᠶᠢ ᠵᠣᠷᠢᠬᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠭᠤᠷᠪᠠ︶ ᠠᠮᠤᠷ ᠲᠥᠪᠰᠢᠨ ᠤ ᠲᠠᠯ᠎ᠠ ᠪᠠᠷ ᠬᠢ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ | ᠢᠨᠵᠧᠨᠧᠷᠢᠩ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠪᠠᠷᠢᠯᠭ᠎ᠠ ᠶᠢᠨ ᠬᠠᠮᠢᠶᠠᠷᠤᠯᠲᠠ ᠪᠤᠯᠤᠨ ᠰᠡᠭᠦᠯᠴᠢ ᠶᠢᠨ | ᠬᠤᠭᠤᠴᠠᠭᠠᠨ ᠤ ᠠᠵᠢᠯᠯᠠᠨ ᠡᠵᠡᠩᠨᠡᠬᠦ ᠬᠠᠮᠢᠶᠠᠷᠤᠯᠲᠠ ᠶᠢ ᠴᠢᠩᠭᠠᠳᠬᠠᠵᠤ᠂ ᠰᠢᠰᠲ᠋ᠧᠮ ᠪᠤᠯᠤᠨ ᠰᠦᠯᠵᠢᠶᠡᠨ ᠤ ᠠᠮᠤᠷ | ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠤᠨ | ᠭᠤᠤᠯ ᠵᠠᠮ ᠱᠤᠭᠤᠮ ᠤᠨ ᠰᠦᠢᠳᠬᠡᠯ ᠬᠤᠷᠢᠶᠠᠬᠤ ᠪᠡᠯᠡᠳᠬᠡᠮᠵᠢ ᠶᠢ ᠨᠤᠷᠠᠭᠠᠵᠤ᠂ ᠭᠤᠤᠯ ᠵᠠᠮ ᠱᠤᠭᠤᠮ ᠤᠨ ᠵᠠᠰᠠᠮᠠᠯ | ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠂ ᠪᠠᠷᠢᠯᠭ᠎ᠠ ᠪᠠᠷᠢᠬᠤ ᠪᠠ ᠲᠡᠷᠭᠡ ᠵᠣᠷᠴᠢᠬᠤ ᠠᠮᠤᠷ ᠲᠦᠪᠰᠢᠨ ᠢ | ᠪᠠᠲᠤᠯᠠᠬᠤ ᠬᠡᠷᠡᠭᠲᠡᠶ᠃ ᠭᠤᠤᠯ ᠵᠠᠮ ᠱᠤᠭᠤᠮ ᠳᠠᠬᠢ ᠠᠴᠠ ᠪᠤᠰᠤᠳ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ | ᠶᠡᠷᠦᠩᠬᠡᠶᠢᠯᠡᠨ ᠠᠰᠢᠭᠯᠠᠵᠤ᠂ ᠪᠠᠴᠢᠮ ᠪᠠᠶᠢᠳᠠᠯ ᠢ ᠠᠷᠭᠠᠴᠠᠭᠠᠬᠤ᠂ ᠠᠷᠠᠴᠢᠯᠠᠨ ᠬᠠᠮᠠᠭᠠᠯᠠᠬᠤ᠂ ᠦᠢᠯᠡᠴᠢᠯᠡᠬᠦ᠂ | ᠬᠢᠨᠠᠯᠲᠠ ᠲᠠᠯᠪᠢᠵᠤ ᠪᠠᠶᠢᠴᠠᠭᠠᠬᠤ ᠪᠠ ᠳᠣᠲᠣᠭᠠᠳᠤ ᠶᠢ ᠬᠠᠮᠠᠭᠠᠯᠠᠬᠤ ᠶᠢᠨ ᠬᠢᠨ ᠤ ᠪᠠᠶᠢᠴᠠᠭᠠᠵᠤ ᠡᠵᠡᠮᠳᠡᠬᠦ ᠵᠡᠷᠭᠡ | ᠠᠵᠢᠯ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠶ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠷᠢᠭᠤᠴᠠᠨ᠎ᠠ︶ | ︵ᠳᠥᠷᠪᠡ︶ ᠰᠦᠢᠳᠬᠡᠯ ᠬᠤᠷᠢᠶᠠᠬᠤ ᠠᠵᠢᠯᠲᠠᠨ ᠢ ᠲᠤᠬᠢᠷᠠᠮᠵᠢᠲᠠᠢ ᠬᠤᠪᠢᠶᠠᠷᠢᠯᠠᠨ ᠰᠠᠯᠭᠠᠵᠤ | ᠲᠦᠪᠬᠢᠨᠡᠭᠦᠯᠬᠦ ᠬᠡᠷᠡᠭᠲᠡᠶ᠃ ᠬᠠᠷᠢᠶ᠎ᠠ ᠣᠷᠣᠨ ᠬᠠᠷᠢᠭᠤᠴᠠᠬᠤ ᠪᠠ ᠠᠵᠢᠯ ᠠᠴᠠ ᠪᠠᠨ ᠪᠠᠭᠤᠬᠤ ᠦᠭᠡᠢ ᠪᠠᠷ ᠠᠵᠢᠯ ᠤᠨ | ᠪᠠᠶᠢᠷᠢ ᠰᠣᠯᠢᠬᠤ ᠵᠠᠷᠴᠢᠮ ᠢ ᠪᠠᠷᠢᠮᠲᠠᠯᠠᠨ᠂ ᠮᠠᠨ ᠤ ᠣᠷᠣᠨ ᠤ ᠪᠤᠲᠠᠲᠠᠢ ᠲᠠᠢ ᠤᠶᠠᠯᠳᠤᠭᠤᠯᠵᠤ᠂ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠣᠰᠣᠭᠠᠷ ᠰᠦᠢᠳᠬᠡᠯ ᠬᠤᠷᠢᠶᠠᠬᠤ | ᠠᠵᠢᠯᠲᠠᠨ ᠢ ᠲᠥᠪᠬᠢᠨᠡᠭᠦᠯᠬᠦ ᠠᠵᠢᠯ ᠤᠨ ᠲᠥᠰᠦᠯ ᠢ ᠲᠣᠭᠲᠠᠭᠠᠵᠤ᠂ ᠲᠤᠳᠤᠭᠠᠳᠤᠬᠢ ᠰᠢᠯᠢᠳᠡᠭ ᠳᠤ ᠨᠢ ᠤᠷᠢᠳᠠᠪᠡᠷ | ᠠᠵᠢᠯ ᠤᠨ ᠪᠠᠶᠢᠷᠢ ᠰᠣᠯᠢᠵᠤ ᠥᠭᠬᠦ ᠪᠠᠷ ᠭᠤᠤᠯ ᠪᠣᠯᠭᠠᠨ᠂ ETC ᠲᠠᠷᠬᠠᠭᠠᠬᠤ ᠪᠠ ᠠᠶᠠᠨᠴᠢᠳ ᠲᠤ ᠦᠢᠯᠡᠴᠢᠯᠡᠬᠦ᠂ | ᠦᠢᠯᠡᠴᠢᠯᠡᠭᠡᠨ ᠤ ᠲᠣᠭᠤᠷᠢᠭ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠵᠡᠷᠭᠡ ᠣᠯᠠᠨ ᠠᠷᠭ᠎ᠠ ᠵᠠᠮ ᠢᠶᠠᠷ | ᠰᠦᠢᠳᠬᠡᠯ ᠬᠤᠷᠢᠶᠠᠬᠤ ᠠᠵᠢᠯᠲᠠᠨ ᠢ ᠲᠥᠪᠬᠢᠨᠡᠭᠦᠯᠬᠦ ᠬᠡᠷᠡᠭᠲᠡᠶ᠃ ᠠᠵᠢᠯᠲᠠᠨ ᠠᠵᠢᠯᠴᠢᠨ ᠤ ᠠᠵᠢᠯᠲᠠᠨ ᠤ | ᠶᠠᠪᠤᠳᠠᠯ ᠤᠨ ᠬᠥᠳᠡᠯᠮᠦᠷᠢ ᠶᠢᠨ ᠬᠠᠷᠢᠴᠠᠭ᠎ᠠ ᠶᠢ ᠬᠠᠤᠯᠢ ᠶᠣᠰᠣᠭᠠᠷ ᠲᠣᠬᠢᠷᠠᠮᠵᠢᠲᠠᠢ ᠰᠢᠢᠳᠪᠦᠷᠢᠯᠡᠵᠦ᠂ ᠰᠦᠢᠳᠬᠡᠯ | ᠬᠤᠷᠢᠶᠠᠬᠤ ᠠᠵᠢᠯᠲᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠠᠵᠢᠯ ᠲᠥᠷᠥᠯ ᠢ ᠲᠣᠭᠲᠠᠪᠤᠷᠢᠲᠠᠢ | ᠪᠠᠶᠢᠯᠭᠠᠬᠤ ᠶᠢ ᠪᠠᠲᠤᠯᠠᠵᠤ᠂ ᠪᠦᠯᠦᠭᠵᠢᠯ ᠤᠨ ᠴᠢᠨᠠᠷᠲᠠᠢ ᠬᠡᠷᠡᠭ ᠭᠠᠷᠬᠤ ᠶᠢ ᠰᠡᠷᠭᠡᠶᠢᠯᠡᠬᠦ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠴᠢᠬᠤᠯᠠ ᠪᠦᠬᠦᠢ ᠳᠡᠮᠵᠢᠯᠭᠡ ᠦᠵᠡᠭᠦᠯᠬᠦ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ︶ | ︵ᠲᠠᠪᠤ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠢ᠃ ᠳᠡᠭᠡᠳᠦ ᠬᠤᠷᠳᠤ ᠶᠢᠨ | ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠴᠣᠴᠠᠯᠬᠤ ᠶᠢᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠤᠬᠠᠭᠤᠯᠵᠤ ᠲᠠᠶᠢᠯᠤᠮᠵᠢ ᠬᠢᠬᠦ ᠪᠠᠨ ᠴᠢᠩᠭᠠᠳᠬᠠᠵᠤ᠂ ᠡᠯᠧᠺᠲᠷᠣᠨ ᠰᠢᠰᠲ᠋ᠧᠮ ᠤᠨ | ᠲᠡᠷᠭᠡ ᠵᠣᠭᠰᠣᠭᠠᠬᠤ ᠦᠭᠡᠢ ᠪᠠᠷ ᠪᠤᠰᠢᠭᠤ ᠲᠦᠷᠭᠡᠨ ᠰᠦᠢᠳᠬᠡᠯ ᠬᠤᠷᠢᠶᠠᠬᠤ ᠨᠢ ᠳᠡᠭᠡᠳᠦ ᠬᠤᠷᠳᠤ ᠶᠢᠨ ᠵᠠᠰᠠᠮᠠᠯ | ᠵᠠᠮ ᠢᠶᠠᠷ ᠨᠡᠪᠲᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠶᠢ ᠠᠬᠢᠭᠤᠯᠬᠤ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠶᠡᠭᠡ ᠪᠠᠷ ᠤᠬᠠᠭᠤᠯᠵᠤ᠂ | ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪ ᠢᠶᠠᠷ ᠬᠥᠲᠥᠯᠥᠨ ᠵᠢᠯᠣᠭᠤᠳᠴᠤ᠂ ᠨᠡᠶᠢᠲᠡ ᠣᠯᠠᠨ ᠤ ᠠᠩᠬᠠᠷᠤᠯ ᠲᠠᠯᠪᠢᠵᠣ | ᠪᠠᠶᠢᠭ᠎ᠠ ᠠᠰᠠᠭᠤᠳᠠᠯ ᠳᠤ ᠴᠠᠭ ᠲᠣᠬᠠᠢ ᠳᠤ ᠨᠢ ᠬᠠᠷᠢᠭᠤ ᠥᠭᠴᠦ᠂ ᠨᠡᠶᠢᠭᠡᠮ ᠤᠨ ᠬᠠᠮᠲᠤ ᠶᠢᠨ ᠲᠠᠨᠢᠯᠲᠠ ᠶᠢ | ᠨᠢᠭᠲᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | ᠬᠠᠷᠢᠭᠤᠴᠠᠨ᠎ᠠ︶ | ᠳᠠᠭᠠᠯᠳᠤᠭᠤᠯᠤᠯ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠭᠡᠯ ᠬᠤᠷᠢᠶᠠᠬᠤ ᠵᠠᠰᠠᠮᠠᠯ | ᠵᠠᠮ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ | ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠴᠣᠴᠠᠯᠬᠤ ᠠᠵᠢᠯ ᠤᠨ ᠵᠢᠯᠣᠭᠤᠳᠬᠤ ᠭᠠᠵᠠᠷ ᠤᠨ | ᠪᠦᠷᠢᠯᠳᠦᠭᠦᠨ | | ᠳᠠᠭᠠᠯᠳᠤᠭᠤᠯᠤᠯ᠄ | ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠭᠡᠯ ᠬᠤᠷᠢᠶᠠᠬᠤ ᠵᠠᠰᠠᠮᠠᠯ ᠵᠠᠮ ᠤᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ ᠬᠤᠷᠳᠤ ᠶᠢᠨ ᠵᠠᠰᠠᠮᠠᠯ ᠵᠠᠮ ᠤᠨ | ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠴᠣᠴᠠᠯᠬᠤ ᠠᠵᠢᠯ ᠤᠨ | ᠵᠢᠯᠣᠭᠤᠳᠬᠤ ᠭᠠᠵᠠᠷ ᠤᠨ ᠪᠦᠷᠢᠯᠳᠦᠭᠦᠨ | | | ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠠᠴᠠ ᠥᠪᠡᠷᠲᠡᠭᠡᠨ ᠵᠠᠰᠠᠬᠤ ᠣᠷᠣᠨ ᠤ ᠰᠦᠢᠳᠭᠡᠯ ᠬᠤᠷᠢᠶᠠᠬᠤ ᠵᠠᠰᠠᠮᠠᠯ ᠵᠠᠮ ᠤᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ | ᠰᠦᠢᠳᠭᠡᠯ ᠬᠤᠷᠢᠶᠠᠬᠤ ᠥᠷᠲᠡᠭᠡ ᠶᠢ ᠴᠣᠴᠠᠯᠬᠤ ᠠᠵᠢᠯ ᠤᠨ ᠵᠢᠯᠣᠭᠤᠳᠬᠤ ᠭᠠᠵᠠᠷ ︵ᠳᠤᠷᠤᠭᠰᠢ ᠵᠢᠯᠤᠭᠤᠳᠬᠤ | ᠭᠠᠵᠠᠷ ᠭᠡᠵᠦ ᠲᠤᠪᠴᠢᠯᠠᠨ᠎ᠠ︶ ᠢ ᠪᠠᠶᠢᠭᠤᠯᠬᠤ ᠪᠠᠷ ᠲᠤᠭᠲᠠᠭᠠᠪᠠ᠃ | | ᠨᠢᠭᠡ᠂ ᠵᠢᠯᠤᠭᠤᠳᠬᠤ ᠭᠠᠵᠠᠷ ᠤᠨ ᠪᠦᠷᠢᠯᠳᠦᠭᠦᠨ | ᠶᠡᠷᠦᠩᠬᠡᠢ ᠵᠢᠯᠤᠭᠤᠳᠤᠭᠴᠢ᠄ | ᠠᠢ ᠯᠢ ᠬᠤᠸᠠ ᠥᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ | ᠳᠡᠳ᠋ ᠶᠡᠷᠦᠩᠬᠡᠢ ᠵᠢᠯᠤᠭᠤᠳᠤᠭᠴᠢ᠄ | ᠵᠠᠩ ᠷᠦᠢ ᠬᠤᠸᠠᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠲᠢᠩᠬᠢᠮ ᠤᠨ ᠳᠡᠳ᠋ ᠡᠷᠬᠢᠯᠡᠭᠴᠢ | ᠪᠠᠢ ᡁᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠠᠷᠤᠭ᠎ᠠ | ᠪᠦᠷᠢᠯᠳᠦᠭᠦᠨ᠄ | ᠸᠠᠩ ᠶᠢᠨ ᠪᠣᠣ ᠦᠪᠡᠷᠲᠡᠭᠡᠨ ᠵᠠᠰᠠᠬᠤ ᠤᠷᠤᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ | ᠵᠦᠪᠯᠡᠯ ᠤᠨ ᠳᠡᠳ᠋ ᠡᠷᠬᠢᠯᠡᠭᠴᠢ | ᠵᠠᠩ ᠳ᠋ᠧ ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ ᠤᠨ ᠳᠡᠳ᠋ ᠳᠠᠷᠤᠭ᠎ᠠ | ᠶᠢᠨ ᠷᠦᠢ ᠭᠠᠩ ᠦᠪᠡᠷᠲᠡᠭᠡᠨ ᠵᠠᠰᠠᠬᠤ ᠤᠷᠤᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ | ᠵᠢᠶᠠ ᠯᠢ ᠦᠪᠡᠷᠲᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ | ᠹᠧᠩ ᠵᠢᠶᠠᠨ ᠵᠦᠩ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ | ᠳᠠᠷᠤᠭ᠎ᠠ | ᠯᠢᠦ ᠬᠤᠤ ᠱᠧᠩ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠲᠤᠭᠤᠷᠢᠨ ᠪᠠᠶᠢᠴᠠᠭᠠᠭᠴᠢ | ᠶᠦᠨ ᠸᠧᠨ ᠵᠢᠩ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠳᠡᠳ᠋ ᠳᠠᠷᠤᠭ᠎ᠠ | ᠸᠠᠩ ᠭᠦᠢ ᠴᠢᠨ ᠦᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠦᠪᠯᠡᠯ ᠤᠨ ᠨᠠᠮ ᠤᠨ ᠬᠤᠷᠢᠶᠠᠨ ᠤ ᠭᠡᠰᠢᠭᠦᠨ | ᠯᠢ ᠵᠢᠩ ᠶᠠᠩ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠶᠢᠨ ᠳᠡᠳ᠋ ᠳᠠᠷᠤᠭ᠎ᠠ | ᠵᠢᠶᠠ ᠴᠢ ᠵᠧᠨ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠤᠪᠴᠢᠶᠠᠨ ᠤ ᠨᠠᠮ ᠤᠨ ᠬᠤᠷᠢᠶᠠᠨ ᠤ ᠭᠡᠰᠢᠭᠦᠨ | ᠬᠤᠶᠠᠷ᠂ ᠪᠤᠰᠤᠳ ᠵᠦᠢᠯ | ︵ᠨᠢᠭᠡ︶ ᠵᠢᠯᠤᠭᠤᠳᠬᠤ ᠭᠠᠵᠠᠷ ᠤᠨ ᠭᠤᠣᠯ ᠡᠭᠦᠷᠭᠡ ᠬᠠᠷᠢᠭᠤᠴᠠᠯᠭ᠎ᠠ᠄ ᠳᠡᠭᠡᠳᠦ ᠬᠤᠷᠳᠤ ᠶᠢᠨ ᠵᠠᠰᠠᠮᠠᠯ | ᠵᠠᠮ ᠤᠨ ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠴᠣᠴᠠᠯᠬᠤ ᠲᠤᠬᠠᠢ ᠤᠯᠤᠰ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠭᠡᠯ ᠬᠤᠷᠢᠶᠠᠬᠤ ᠵᠠᠰᠠᠮᠠᠯ ᠵᠠᠮ ᠤᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ | ᠰᠦᠢᠳᠭᠡᠯ ᠬᠤᠷᠢᠶᠠᠬᠤ ᠥᠷᠲᠡᠭᠡ ᠶᠢ ᠴᠣᠴᠠᠯᠬᠤ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠤᠰᠤᠭᠠᠷ᠂ | ᠥᠵᠦ ᠵᠢᠷᠤᠭ ᠲᠥᠯᠥᠪᠯᠡᠭᠡ ᠪᠣᠯᠤᠨ ᠬᠦᠭᠵᠢᠯᠲᠡ ᠶᠢᠨ ᠲᠦᠯᠦᠪᠵᠢᠭᠦᠯᠭᠡ ᠶᠢ ᠴᠢᠩᠭᠠᠳᠬᠠᠨ᠂ ᠴᠠᠭ ᠤᠨ | ᠬᠦᠰᠦᠨᠦᠭᠲᠦ ᠪᠤᠯᠤᠨ ᠬᠦᠭᠵᠢᠭᠦᠯᠬᠦ ᠱᠤᠭᠤᠮ ᠢ ᠰᠤᠳᠤᠯᠤᠨ ᠲᠤᠭᠲᠠᠭᠠᠵᠤ᠂ ᠬᠡᠷᠡᠭᠵᠢᠭᠦᠯᠬᠦ ᠵᠠᠮ ᠢ ᠲᠤᠳᠤᠷᠬᠠᠢ | ᠪᠣᠯᠭᠠᠨ᠂ ᠡᠯ᠎ᠡ ᠲᠥᠷᠥᠯ ᠤᠨ ᠠᠵᠢᠯ ᠤᠨ ᠠᠬᠢᠴᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠣ᠂ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠤᠨ ᠠᠬᠢᠭᠤᠯᠵᠤ ᠰᠢᠢᠳᠪᠦᠷᠢᠯᠡᠨ᠎ᠡ︔ ᠬᠤᠯᠪᠤᠭᠳᠠᠯ ᠪᠦᠬᠦᠢ ᠭᠠᠵᠠᠷ ᠤᠷᠤᠨ ᠪᠤᠯᠤᠨ | ᠰᠠᠯᠠᠭ᠎ᠠ ᠮᠦᠴᠢᠷ ᠤᠨ ᠬᠢᠨ ᠤ ᠬᠤᠭᠤᠴᠠᠭ᠎ᠠ ᠶᠤᠰᠤᠭᠠᠷ ᠠᠵᠢᠯ ᠢᠶᠠᠨ ᠦᠷᠨᠢᠭᠦᠯᠬᠦ ᠶᠢ ᠰᠢᠮᠳᠠᠭᠤᠯᠤᠨ ᠵᠢᠯᠤᠭᠤᠳᠴᠦ᠂ | ᠰᠢᠮᠳᠠᠭᠤᠯᠤᠨ ᠵᠢᠯᠣᠭᠤᠳᠴᠦ ᠪᠠᠶᠢᠴᠠᠭᠠᠬᠤ ᠠᠵᠢᠯ ᠢ ᠲᠤᠭᠲᠠᠭᠰᠠᠨ ᠬᠤᠭᠤᠴᠠᠭᠠᠨ ᠳᠤ ᠦᠷᠨᠢᠭᠦᠯᠤᠨ᠎ᠡ︔ | ᠠᠵᠢᠯ ᠤᠨ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠵᠠᠯᠭᠠᠯᠳᠤᠭᠤᠯᠬᠤ ᠬᠤᠷᠠᠯ ᠢ | ᠲᠤᠭᠲᠠᠭᠰᠠᠨ ᠬᠤᠭᠤᠴᠠᠭᠠᠨ ᠳᠤ ᠵᠤᠬᠢᠶᠠᠨ ᠪᠠᠶᠢᠭᠤᠯᠵᠣ ᠬᠤᠷᠠᠯᠳᠤᠭᠤᠯᠤᠨ᠎ᠠ︔ ᠲᠥᠷᠥ ᠶᠢᠨ ᠶᠠᠪᠤᠳᠠᠯ ᠤᠨ ᠬᠤᠷᠢᠶ᠎ᠠ | ᠵᠢᠴᠢ ᠤᠯᠤᠰ ᠤᠨ ᠰᠦᠢᠳᠭᠡᠯ ᠬᠤᠷᠢᠶᠠᠬᠤ ᠵᠠᠰᠠᠮᠠᠯ ᠵᠠᠮ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ ᠶᠢᠨ ᠵᠠᠭᠠᠭ ᠲᠠᠬᠢ ᠰᠦᠢᠳᠭᠡᠯ ᠬᠤᠷᠢᠶᠠᠬᠤ ᠥᠷᠲᠡᠭᠡ ᠶᠢ ᠴᠣᠴᠠᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠳᠤᠷᠠᠳᠤᠭᠰᠠᠨ ᠠᠵᠢᠯ ᠤᠨ ᠵᠦᠢᠯᠡᠰ ᠢ ᠨᠠᠶᠢᠳᠠᠪᠤᠷᠢᠵᠢᠭᠤᠯᠤᠨ᠎ᠡ᠃ | ︵ᠬᠤᠶᠠᠷ︶ ᠵᠢᠯᠤᠭᠤᠳᠬᠤ ᠭᠠᠵᠠᠷ ᠤᠨ ᠠᠯᠪᠠᠨ ᠭᠡᠷ ᠢ ᠥᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠥᠪᠡᠷᠲᠡᠭᠡᠨ ᠵᠠᠰᠠᠬᠤ ᠤᠷᠤᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠶᠦᠨ ᠸᠧᠨ ᠵᠢᠩ ᠬᠠᠪᠰᠤᠷᠭᠠᠨ ᠬᠠᠷᠢᠭᠤᠴᠠᠨ᠎ᠠ᠃ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |