ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.2% ᠨᠡᠮᠡᠭᠳᠡᠪᠡ
ᠨᠡᠶᠢᠲᠡᠯᠡᠭᠰᠡᠨ ᠴᠠᠭ᠄
2019/10/15

     10 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠄ 1 — 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 — 7 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠴᠡᠭ ᠳᠡᠭᠡᠭᠰᠢᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.6 ᠵᠠᠭᠤᠨ ᠤ ᠴᠡᠭ ᠳᠡᠭᠡᠭᠰᠢᠯᠡᠪᠡ᠃
     ᠡᠭᠦᠨ ᠳᠤ᠂ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠨᠢ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠵᠦ᠂ ᠲᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠨᠢ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠵᠦ᠂ ᠬᠢᠮᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠨᠢ ᠠᠳᠠᠯᠢ ᠬᠤᠭᠤᠴᠠᠭᠠᠨ ᠤ ᠬᠢ ᠠᠴᠠ 9.9% ᠨᠡᠮᠡᠭᠳᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠤᠨ ᠨᠡᠮᠡᠭᠳᠡᠯ ᠥᠷᠳᠡᠭ ᠨᠢ ᠠᠳᠠᠯᠢ ᠬᠤᠭᠤᠴᠠᠭᠠᠨ ᠤ ᠬᠢ ᠠᠴᠠ 2.4% ᠨᠡᠮᠡᠭᠳᠡᠵᠦ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠳᠡᠭ ᠨᠢ ᠠᠳᠠᠯᠢ ᠬᠤᠭᠤᠴᠠᠭᠠᠨ ᠤ ᠬᠢ ᠠᠴᠠ 16.1% ᠨᠡᠮᠡᠭᠳᠡᠪᠡ᠃ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠲᠦᠷᠭᠡᠳᠴᠦ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠵᠦ᠂ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.9% ᠨᠡᠮᠡᠭᠳᠡᠪᠡ᠃ ᠦᠢᠯᠡᠳᠬᠦ ᠦᠢᠯᠡᠰ ᠤᠨ ᠬᠥᠭᠵᠢᠯᠲᠡ ᠲᠦᠷᠭᠡᠳᠴᠦ᠂ ᠠᠵᠤ ᠦᠢᠯᠡᠳᠪᠦᠷᠢ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.8% ᠨᠡᠮᠡᠭᠳᠡᠵᠦ᠂ ᠠᠳᠠᠯᠢ ᠬᠤᠭᠤᠴᠠᠭᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 2.6 ᠵᠠᠭᠤᠨ ᠤ ᠴᠡᠭ ᠲᠦᠷᠭᠡᠨ ᠪᠣᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ