10 ᠰᠠᠷ᠎ᠠ ᠶᠢᠨ 15 ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠲᠦᠨ ᠤ ᠰᠤᠨᠢᠨ ᠮᠡᠳᠡᠭᠡᠨ ᠤ ᠠᠯᠪᠠᠨ ᠭᠡᠷ ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ | ᠪᠠᠲᠦ ᠴᠡᠭᠡᠵᠢᠯᠡᠬᠦ︾ ᠭᠤᠤᠯ ᠰᠡᠳᠦᠪᠲᠦ ᠬᠦᠮᠦᠵᠢᠯ ᠤᠨ ᠴᠡᠭᠴᠡᠯᠡᠨ ᠰᠠᠶᠢᠵᠢᠷᠠᠭᠤᠯᠵᠦ ᠴᠡᠭᠴᠡᠯᠨᠨ ᠵᠠᠰᠠᠬᠤ ᠠᠵᠢᠯ | ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠭᠤᠤᠯ | ᠰᠡᠳᠦᠪᠲᠦ ᠬᠦᠮᠦᠵᠢᠯ ᠤᠨ ᠤᠳᠤᠷᠢᠳᠬᠤ ᠳᠤᠭᠤᠢᠢᠯᠠᠩ ᠤᠨ ᠠᠯᠪᠠᠨ ᠭᠡᠷ ᠠᠴᠠ ᠭᠤᠤᠯ ᠰᠡᠳᠦᠪᠲᠦ ᠬᠦᠮᠦᠵᠢᠯ ᠤᠨ | ᠦᠩᠭᠡᠨ ᠲᠠᠯ᠎ᠠ ᠶᠢᠨ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠪᠠ ᠲᠤᠰᠬᠠᠢ ᠴᠡᠭᠴᠡᠯᠡᠨ ᠵᠠᠰᠠᠬᠤ ᠠᠬᠢᠴᠠ ᠶᠢᠨ | ᠪᠠᠶᠢᠳᠠᠯ ᠢ ᠵᠠᠷᠯᠠᠨ ᠮᠡᠳᠡᠭᠳᠡᠪᠡ᠃ | ᠲᠦᠪ ᠤᠨ ᠨᠢᠭᠡᠲᠦᠯᠲᠡᠢ ᠪᠠᠶᠢᠷᠢᠯᠠᠭᠤᠯᠤᠯᠲᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡ ᠶᠢ | ᠪᠣᠳᠠᠳᠠᠶᠢᠵᠢᠭᠤᠯᠬᠤ︾ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠤᠰᠤᠭᠠᠷ᠂ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠲᠡᠷᠢᠬᠦᠨ ᠴᠢᠬᠤᠯᠠ ᠤᠯᠤᠰ ᠲᠦᠷᠦ ᠶᠢᠨ ᠡᠬᠦᠷᠭᠡ ᠳᠤ ᠠᠩᠬᠠᠷᠣᠯ ᠢᠶᠠᠨ ᠲᠦᠪᠯᠡᠷᠡᠭᠦᠯᠵᠦ᠂ | ᠲᠦᠪ ᠤᠨ ᠲᠤᠭᠤᠷᠢᠨ ᠪᠠᠶᠢᠴᠠᠭᠠᠵᠦ ᠱᠠᠯᠠᠪᠳᠠᠭᠤᠯᠤᠨ ᠪᠠᠶᠢᠴᠠᠭᠠᠵᠦ ᠱᠠᠯᠠᠪᠳᠠᠭᠤᠯᠤᠨ ᠵᠢᠯᠤᠭᠤᠳᠬᠤ ᠳᠠᠭᠠᠨ ᠬᠠᠷᠢᠭᠤ | ᠲᠤᠰᠬᠠᠬᠰᠠᠨ ᠠᠰᠠᠭᠤᠳᠠᠯ ᠳᠤ ᠠᠩᠬᠠᠷᠣᠯ ᠢᠶᠠᠨ ᠲᠦᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠳᠤᠪᠤᠶᠢᠮ᠎ᠠ | ᠠᠰᠠᠭᠤᠳᠠᠯ ᠳᠤ ᠠᠩᠬᠠᠷᠣᠯ ᠢᠶᠠᠨ ᠲᠦᠪᠯᠡᠷᠡᠭᠦᠯᠵᠦ᠂ ᠤᠯᠨᠨ ᠲᠦᠮᠡᠨ ᠤ ᠰᠠᠨᠠᠭᠠᠰᠢᠷᠠᠨ ᠵᠣᠪᠠᠨᠢᠵᠣ ᠪᠠᠶᠢᠭ᠎ᠠ | ᠶᠠᠪᠤᠳᠠᠯ ᠳᠤ ᠠᠩᠬᠠᠷᠣᠯ ᠢᠶᠠᠨ ᠲᠦᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠵᠦ ᠴᠡᠭᠴᠡᠯᠡᠨ ᠵᠠᠰᠠᠬᠤ ᠠᠵᠢᠯ ᠢ ᠨᠠᠷᠢᠨ | ᠬᠢᠨᠠᠮᠠᠭᠠᠢ ᠴᠢᠩᠭ᠎ᠠ ᠠᠳᠬᠤᠪᠠ᠃ ᠭᠤᠤᠯ ᠰᠡᠳᠦᠪᠲᠦ ᠬᠦᠮᠦᠵᠢᠯ ᠡᠬᠢᠯᠡᠮᠡᠭᠴᠡ ᠭᠠᠷᠳᠠᠨ ᠬᠠᠯᠠᠨ ᠰᠠᠶᠢᠵᠢᠷᠠᠭᠤᠯᠵᠣ᠂ | ︽ᠡᠬᠦᠳᠠ ᠪᠠᠨ ᠨᠡᠭᠡᠭᠡᠵᠦ ᠰᠠᠨᠠᠯ ᠬᠤᠷᠢᠶᠠᠬᠤ︾᠂ ᠪᠠᠶᠢᠴᠠᠭᠠᠨ ᠰᠤᠳᠤᠯᠵᠦ ᠪᠠᠶᠢᠴᠠᠭᠠᠨ ᠰᠢᠨᠵᠢᠬᠦ ᠳᠤᠮᠲᠠ | ᠪᠠᠶᠢᠴᠠᠭᠠᠨ ᠭᠠᠷᠭᠠᠬᠰᠠᠨ ᠠᠰᠠᠭᠤᠳᠠᠯ ᠢ ᠪᠠᠶᠢᠴᠠᠭᠠᠬᠤ ᠶᠢᠨ ᠳᠠᠭᠠᠥ ᠬᠠᠯᠠᠨ ᠰᠠᠶᠢᠵᠢᠷᠠᠭᠤᠯᠵᠦ᠂ ᠪᠠᠷᠢᠨ | ᠬᠡᠷᠡᠭᠵᠢᠬᠦᠯᠵᠦ ᠪᠠᠷᠢᠨ ᠬᠠᠯᠠᠨ ᠰᠠᠶᠢᠵᠢᠷᠠᠭᠤᠯᠪᠠ︔ ᠲᠤᠰᠬᠠᠢ ᠴᠡᠭᠴᠡᠯᠡᠨ ᠵᠠᠰᠠᠬᠤ ᠠᠵᠢᠯ ᠳᠣᠮᠳᠠ᠂ ︽ᠭᠤᠷᠪᠠᠨ | ᠨᠠᠷᠢᠨ ᠲᠠᠩᠰᠠ︾ ᠶᠢ ᠨᠢᠭᠡᠳ ᠨᠢᠭᠡ ᠪᠠᠷ ᠳᠤᠳᠤᠷᠬᠠᠢᠢᠯᠠᠵᠦ᠂ ︽ᠳᠠᠪᠤᠨ ᠲᠤᠬᠳᠠᠬᠰᠠᠨ ᠬᠤᠭᠤᠴᠠᠭᠠᠨ ᠳᠤ | ᠳᠠᠭᠤᠰᠬᠠᠬᠤ︾ ᠲᠤᠬᠲᠠᠴᠠ ᠶᠢ ᠪᠠᠶᠢᠭᠤᠯᠵᠦ᠂ ᠬᠤᠶᠠᠷ ᠪᠦᠯᠦᠭ ᠭᠤᠤᠯ ᠰᠡᠳᠦᠪᠲᠦ ᠬᠦᠮᠦᠵᠢᠯ ᠤᠨ ᠳᠡᠭᠡᠷ᠎ᠡ | ᠳᠤᠤᠷ᠎ᠠ ᠱᠠᠲᠦ ᠬᠠᠮᠳᠣᠷᠠᠨ ᠬᠦᠳᠡᠯᠦᠯᠴᠡᠵᠦ ᠬᠠᠯᠠᠨ ᠰᠠᠶᠢᠵᠢᠷᠠᠭᠤᠯᠬᠤ ᠶᠢ ᠨᠢᠭᠡᠲᠦᠯᠲᠡᠢ ᠲᠦᠯᠦᠪᠵᠢᠬᠦᠯᠪᠡ᠃ | ᠤᠳᠤᠬᠠᠨ ᠳᠤ᠂ ᠨᠢᠭᠡᠲᠦᠭᠡᠷ ᠪᠦᠯᠦᠭ ᠤᠨ ᠨᠢᠭᠡᠴᠢ ᠶᠢᠨ ᠦᠩᠬᠡᠨ ᠲᠠᠯ᠎ᠠ ᠶᠢᠨ ᠰᠢᠢᠳᠪᠦᠷᠢᠯᠡᠬᠦ ᠴᠢᠬᠤᠯᠠᠲᠠᠢ | ᠠᠰᠠᠭᠤᠳᠠᠯ ᠤᠨ 89% ᠶᠢ ᠨᠢ ᠨᠢᠬᠡᠨᠲᠡ ᠴᠡᠭᠴᠡᠯᠡᠨ ᠰᠠᠶᠢᠵᠢᠷᠠᠭᠤᠯᠵᠦ᠂ ᠬᠤᠶᠠᠳᠤᠭᠠᠷ ᠪᠦᠯᠦᠭ ᠤᠨ ᠠᠶᠢᠮᠠᠭ | ᠬᠤᠲᠠ᠂ ᠶᠡᠭᠡ ᠳᠡᠭᠡᠳᠦ ᠰᠤᠷᠭᠠᠭᠤᠯᠢ ᠶᠢᠨ ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠬᠤ ᠠᠵᠢᠯ ᠶᠠᠭ | ᠯᠠᠪᠲᠠᠭᠤᠨ ᠪᠠᠲᠤᠲᠠᠢ ᠡᠮᠬᠢ ᠵᠢᠷᠣᠮ ᠲᠠᠢ ᠶᠠᠪᠤᠬᠳᠠᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ | ᠰᠢᠭᠤᠳ ᠬᠤᠯᠪᠤᠭ᠎ᠠ ᠲᠠᠢ ᠨᠢᠭᠡ ᠪᠦᠯᠦᠭ ᠳᠤᠪᠤᠶᠢᠮ᠎ᠠ ᠠᠰᠠᠭᠤᠳᠠᠯ ᠰᠢᠢᠳᠪᠦᠷᠢᠯᠡᠭᠳᠡᠵᠦ᠂ ᠴᠡᠭᠴᠡᠯᠡᠨ | ᠰᠠᠶᠢᠵᠢᠷᠠᠭᠤᠯᠵᠦ ᠴᠡᠭᠴᠡᠯᠡᠨ ᠵᠠᠰᠠᠬᠤ ᠠᠵᠢᠯ ᠱᠠᠲᠦᠴᠢ ᠴᠢᠨᠠᠷᠲᠠᠢ ᠦᠷ᠎ᠡ ᠪᠦᠲᠦᠮᠵᠢ ᠤᠯᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠦᠷᠬᠦᠯᠵᠢᠯᠡᠨ ᠳᠡᠭᠡᠳᠦ ᠬᠡᠮᠵᠢᠶᠡᠨ ᠤ ᠤᠯᠤᠰ ᠲᠦᠷᠦ | ᠶᠢᠨ ᠬᠠᠷᠢᠭᠤᠴᠠᠯᠭᠠᠲᠦ ᠰᠡᠳᠬᠢᠯᠭᠡ᠂ ᠪᠤᠲᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ᠂ ᠰᠢᠰᠲ᠋ᠧᠮ ᠲᠠᠢ | ᠴᠡᠭᠴᠡᠯᠡᠨ ᠰᠠᠶᠢᠵᠢᠷᠠᠭᠤᠯᠬᠤ᠂ ᠣᠨᠣᠴᠠᠳᠠᠢ ᠴᠡᠭᠴᠡᠯᠡᠨ ᠰᠠᠶᠢᠵᠢᠷᠠᠭᠤᠯᠬᠤ᠂ ᠤᠷᠲᠦ ᠬᠤᠭᠤᠴᠠᠭ᠎ᠠ ᠪᠦᠲᠦᠮᠵᠢᠲᠡᠢ | ᠴᠡᠭᠴᠡᠯᠡᠨ ᠰᠠᠶᠢᠵᠢᠷᠠᠭᠤᠯᠬᠤ᠂ ᠡᠭᠦᠳᠡ ᠪᠠᠨ ᠨᠡᠭᠡᠭᠡᠵᠦ ᠴᠡᠭᠴᠡᠯᠡᠨ ᠰᠠᠶᠢᠵᠢᠷᠠᠭᠤᠯᠬᠤ ᠶᠢ ᠪᠠᠷᠢᠮᠳᠡᠯᠡᠵᠦ᠂ ᠬᠦᠴᠢᠷ ᠢ | ᠳᠠᠪᠠᠨ ᠪᠡᠷᠭᠡ ᠶᠢ ᠳᠣᠭᠤᠯᠵᠣ᠂ ᠴᠡᠭᠴᠡᠯᠡᠨ ᠰᠠᠶᠢᠵᠢᠷᠠᠭᠤᠯᠵᠦ ᠴᠡᠭᠴᠡᠯᠡᠨ ᠵᠠᠰᠠᠬᠤ ᠠᠵᠢᠯ ᠢ ᠴᠠᠭᠠᠰᠢᠲᠠ ᠴᠢᠩᠭ᠎ᠠ | ᠠᠳᠬᠤᠵᠦ᠂ ᠠᠷᠠᠳ ᠤᠯᠠᠨ ᠤ ᠨᠢᠲᠦᠨ ᠳᠤ ᠦᠵᠡᠭᠳᠡᠵᠦ᠂ ᠭᠠᠷ ᠲᠤ ᠪᠠᠷᠢᠬᠳᠠᠮ᠎ᠠ ᠦᠷ᠎ᠡ ᠪᠦᠳᠦᠮᠵᠢ ᠶᠢ ᠤᠯᠬᠤ | ᠶᠢ ᠦᠨᠡᠨ ᠬᠦ ᠪᠠᠲᠤᠯᠠᠬᠤ ᠪᠠᠷ ᠪᠠᠶᠢᠨ᠎ᠠ᠃ |