ᠬᠥᠬᠡᠬᠤᠲᠠ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠱᠠᠯᠠᠪᠳᠠᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019/10/16
     ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ 2016 ᠣᠨ ᠤ ᠨᠢᠭᠡᠳᠦᠭᠡᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠬᠥᠬᠡᠬᠤᠲᠠ ᠶᠢᠨ 18 ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 10᠎ ᠶᠢ ᠨᠢ ᠨᠢᠭᠡᠨᠲᠡ ᠪᠡᠶᠡᠯᠡᠭᠦᠯᠵᠦ᠂ ᠦᠯᠡᠳᠡᠭᠰᠡᠨ 8᠎ ᠶᠢ ᠨᠢ ᠶᠠᠭ ᠱᠠᠯᠠᠪᠳᠠᠨ ᠠᠬᠢᠭᠤᠯᠵᠤ ᠪᠠᠶᠢᠨ᠎ᠠ᠃ 2018 ᠣᠨ ᠳᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠪᠤᠴᠠᠵᠤ ᠪᠠᠶᠢᠴᠠᠭᠠᠨ ᠦᠵᠡᠬᠦ︾ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠲᠤᠰᠬᠠᠶ ᠰᠢᠮᠳᠠᠭᠤᠯᠤᠨ ᠪᠠᠶᠢᠴᠠᠭᠠᠭᠠᠳ᠂ ᠬᠥᠬᠡᠬᠤᠲᠠ ᠳᠤ 21 ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠬᠠᠷᠢᠭᠤ ᠲᠤᠰᠬᠠᠪᠠ᠂ ᠡᠭᠦᠨ ᠳᠤ 3᠎ ᠶᠢ ᠨᠢ ᠨᠢᠭᠡᠨᠲᠡ ᠪᠡᠶᠡᠯᠡᠭᠦᠯᠵᠦ᠂ ᠪᠠᠷᠢᠨ ᠬᠡᠷᠡᠭᠵᠢᠭᠦᠯᠵᠦ ᠪᠠᠷᠢᠨ ᠵᠠᠯᠠᠷᠠᠭᠤᠯᠬᠤ 2 ᠡᠭᠦᠷᠭᠡ ᠪᠣᠯᠣᠨ 2020 ᠣᠨ ᠳᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ 1 ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠵᠦ᠂ 2019 ᠣᠨ ᠳᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ 2 ᠡᠭᠦᠷᠭᠡ ᠪᠠ 2020 ᠣᠨ ᠳᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ 13 ᠡᠭᠦᠷᠭᠡ ᠶᠢ ᠴᠥᠮ ᠢᠳᠡᠪᠬᠢᠲᠡᠢ ᠠᠬᠢᠭᠤᠯᠵᠤ ᠪᠣᠢ᠃      ᠲᠠᠯ᠎ᠠ ᠨᠤᠲᠤᠭ ᠤᠨ ᠠᠮᠢ ᠠᠬᠤᠶ ᠣᠷᠴᠢᠨ ᠲᠣᠭᠤᠷᠢᠨ ᠤ ᠲᠤᠰᠬᠠᠶ ᠵᠠᠰᠠᠯᠲᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠬᠥᠬᠡᠬᠤᠲᠠ ᠶᠢᠨ ᠬᠢᠨ ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠦᠩᠭᠦᠨ ᠠᠭᠤᠯᠠ ᠬᠡᠮᠡᠬᠦ ᠤᠨᠤᠯᠵᠢᠬᠤᠨ ᠢ ᠪᠦᠬᠦ ᠲᠠᠯ᠎ᠠ ᠪᠠᠷ ᠦᠶᠯᠡᠳᠦᠯᠭᠡᠵᠢᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨ ᠬᠦ ᠴᠢᠩᠭᠠᠷᠠᠭᠤᠯᠪᠠ᠃ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠥᠷᠪᠡᠨ ᠦᠨᠳᠦᠰᠦᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠲᠥᠷᠥᠯ ᠵᠦᠢᠯ ᠢ ᠨᠢᠭᠡᠳ ᠨᠢᠭᠡ ᠪᠠᠷ ᠰᠢᠭᠰᠢᠨ ᠪᠠᠶᠢᠴᠠᠭᠠᠵᠤ᠂ ᠰᠢᠭᠰᠢᠨ ᠪᠠᠶᠢᠴᠠᠭᠠᠬᠤ ᠪᠠᠷ ᠳᠠᠮᠵᠢᠨ ᠪᠦᠬᠦ ᠬᠤᠲᠠ ᠳᠤ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠪᠠ ᠡᠵᠡᠯᠡᠨ ᠬᠡᠷᠡᠭᠯᠡᠬᠦ ᠠᠰᠠᠭᠤᠳᠠᠯ ᠳᠤ ᠨᠡᠶᠢᠲᠡ 26 ᠡᠷᠦᠬᠡ ᠬᠤᠯᠪᠣᠭᠳᠠᠪᠠ᠃ ᠠᠭᠤᠷᠬᠠᠢ ᠶᠢᠨ ᠭᠠᠷᠤᠯᠲᠠ ᠪᠠ ᠵᠢᠭᠤᠯᠴᠢᠯᠠᠯ ᠤᠨ ᠨᠡᠭᠡᠭᠡᠯᠲᠡ ᠠᠴᠠ ᠪᠣᠯᠵᠤ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠵᠠᠮ ᠵᠡᠷᠭᠡ ᠪᠡᠯᠡᠳᠬᠡᠮᠵᠢ ᠨᠢ ᠨᠤᠲᠤᠭ ᠪᠡᠯᠴᠢᠭᠡᠷ ᠤᠨ ᠬᠡᠰᠡᠭ ᠭᠠᠵᠠᠷ ᠣᠷᠣᠨ ᠳᠤ ᠢᠯᠡᠳᠲᠡ ᠡᠪᠳᠡᠯᠭᠡ ᠳᠤ ᠤᠴᠠᠷᠠᠭᠤᠯᠤᠭᠰᠠᠨ ᠲᠥᠷᠥᠯ ᠵᠦᠶᠯ 9 ᠪᠠᠶᠢᠵᠤ᠂ ᠨᠡᠶᠢᠲᠡ 135.39 ᠮᠦ ᠨᠤᠲᠤᠭ ᠪᠡᠯᠴᠢᠭᠡᠷ ᠲᠤ ᠬᠤᠯᠪᠣᠭᠳᠠᠵᠤ᠂ 9 ᠴᠡᠭᠴᠡᠯᠡᠨ ᠰᠠᠶᠢᠵᠢᠷᠠᠭᠤᠯᠤᠭᠰᠠᠨ ᠲᠥᠷᠥᠯ ᠵᠦᠶᠯ ᠢ ᠴᠥᠮ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠬᠢᠨᠠᠨ ᠬᠠᠷᠭᠤᠭᠤᠯᠵᠤ ᠪᠠᠲᠤᠯᠠᠪᠠ᠃ ᠡᠭᠦᠨ ᠠᠴᠠ ᠭᠠᠳᠠᠨ᠎ᠠ᠂ ᠣᠶᠢᠷ᠎ᠠ ᠶᠢᠨ ᠵᠢᠯ ᠠᠴᠠ ᠨᠠᠭᠠᠰᠢ᠂ ᠪᠡᠭᠡᠵᠢᠩ ᠲᠢᠶᠠᠨᠵᠢᠨ ᠣᠷᠤᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠲᠠᠷᠢᠶᠠᠯᠠᠬᠤ ᠶᠢ ᠵᠣᠭᠰᠤᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠯ ᠤᠨ ᠲᠣᠭᠲᠠᠴᠠ ᠵᠡᠷᠭᠡ ᠲᠥᠷᠥ ᠶᠢᠨ ᠪᠣᠳᠣᠯᠭ᠎ᠠ ᠶᠢᠨ ᠲᠥᠷᠥᠯ ᠵᠦᠶᠯ ᠢ ᠬᠡᠷᠡᠭᠵᠢᠭᠦᠯᠬᠦ ᠪᠠᠷ ᠳᠠᠮᠵᠢᠨ᠂ ᠪᠥᠬᠦ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 2010 ᠣᠨ ᠠᠴᠠ ᠡᠮᠦᠨ᠎ᠡ 38% ᠣᠷᠴᠢᠮ ᠪᠠᠶᠢᠭᠰᠠᠨ ᠠᠴᠠ ᠪᠠᠨ ᠣᠳᠤ 41% - 43% ᠪᠣᠯᠤᠨ ᠳᠡᠭᠡᠭᠰᠢᠯᠡᠵᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠬᠠᠳᠤᠯᠠᠩ ᠤᠨ ᠤᠨᠠᠯᠲᠠ ᠮᠦ ᠪᠦᠷᠢ ᠳᠤ ᠪᠠᠨ 44 ᠺᠢᠯᠣᠭ᠍ᠷᠠᠮ ᠠᠴᠠ ᠳᠡᠭᠡᠭᠰᠢ ᠳᠤ ᠬᠥᠷᠪᠡ᠃      ᠳᠤᠯᠠᠭᠠᠯᠠᠭ᠎ᠠ ᠶᠢᠨ ᠤᠯᠠᠷᠢᠯ ᠳᠤ ᠠᠭᠠᠷ ᠮᠠᠨᠳᠠᠯ ᠤᠨ ᠪᠣᠬᠢᠷᠲᠤᠯ ᠨᠡᠯᠢᠶᠡᠳ ᠬᠦᠨᠳᠦ ᠨᠣᠴᠢᠲᠠᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠬᠥᠬᠡᠬᠤᠲᠠ ᠨᠡᠭᠦᠷᠡᠰᠦᠨ ᠤ ᠲᠠᠷᠠᠬᠠᠶ ᠪᠤᠲᠠᠷᠬᠠᠶ ᠰᠢᠲᠠᠭᠠᠯᠲᠠ ᠶᠢ ᠴᠡᠭᠴᠡᠯᠡᠨ ᠵᠠᠰᠠᠵᠤ᠂ ᠲᠥᠪᠯᠡᠷᠡᠭᠦᠯᠦᠨ ᠢᠯᠴᠢ ᠬᠠᠩᠭᠠᠬᠤ᠂ ᠨᠡᠭᠦᠷᠡᠰᠦ ᠶᠢ ᠰᠢᠲᠠᠮᠠᠬᠠᠶ ᠬᠡᠢ ᠪᠣᠯᠭᠠᠨ ᠥᠭᠡᠷᠡᠴᠢᠯᠡᠬᠦ ᠪᠠ ᠨᠡᠭᠦᠷᠡᠰᠦ ᠪᠠᠷ ᠴᠠᠬᠢᠯᠭᠠᠨ ᠭᠠᠷᠭᠠᠬᠤ ᠲᠤᠷᠰᠢᠯᠲᠠ ᠬᠢᠵᠦ᠂ 35 ᠲᠤᠨ ᠤ ᠠᠭᠤᠷᠰᠢᠯᠲᠠ ᠠᠴᠠ ᠳᠣᠭᠤᠭᠰᠢᠬᠢ ᠳᠤᠯᠠᠭᠠᠯᠠᠭ᠎ᠠ ᠶᠢᠨ ᠵᠤᠬ᠎ᠠ ᠶᠢ ᠰᠢᠭᠰᠢᠭᠳᠡᠭᠦᠯᠤᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠶᠢᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠶᠢ ᠠᠪᠴᠤ᠂ ᠳᠤᠯᠠᠭᠠᠯᠠᠭ᠎ᠠ ᠶᠢᠨ ᠤᠯᠠᠷᠢᠯ ᠳᠤ ᠠᠭᠠᠷ ᠮᠠᠨᠳᠠᠯ ᠤᠨ ᠪᠡᠷᠬᠡ ᠰᠡᠳᠦᠪ ᠢ ᠰᠢᠶᠳᠪᠦᠷᠢᠯᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠪᠡ᠃ ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ 2018 ᠣᠨ ᠠᠴᠠ 2019 ᠣᠨ ᠤ ᠳᠤᠯᠠᠭᠠᠯᠠᠭ᠎ᠠ ᠶᠢᠨ ᠬᠤᠭᠤᠴᠠᠭᠠᠨ ᠳᠤ᠂ ᠡᠯᠡᠰᠦ ᠲᠣᠭᠤᠰᠣᠨ ᠤ ᠨᠥᠯᠥᠭᠡ ᠶᠢ ᠬᠠᠰᠤᠭᠰᠠᠨ ᠥᠬᠡᠶ ᠪᠠᠷ ᠪᠥᠬᠦ ᠬᠤᠲᠠ ᠶᠢᠨ ᠴᠡᠯᠮᠡᠭ ᠲᠣᠩᠭᠠᠯᠠᠭ ᠡᠳᠦᠷ ᠤᠨ ᠲᠤᠭ᠎ᠠ 143 ᠪᠠᠶᠢᠵᠤ᠂ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 78.1% ᠪᠠᠶᠢᠵᠤ᠂ PM 2.5᠎ ᠶᠢᠨ ᠥᠳᠬᠡᠴᠡ ᠶᠢᠨ ᠳᠤᠮᠳᠠᠴᠢ ᠬᠡᠮᠵᠢᠭᠳᠡᠯ ᠨᠢ ᠪᠣᠰᠤᠭ᠎ᠠ ᠳᠥᠷᠪᠡᠯᠵᠢᠨ ᠮᠧᠲᠷ ᠪᠦᠷᠢ ᠳᠤ 48 ᠮᠢᠺᠷᠦᠭᠷᠠᠮ ᠪᠣᠯᠪᠠ᠃      ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠵᠤ ᠦᠶᠯᠡᠳᠪᠦᠷᠢ ᠶᠢᠨ ᠲᠣᠭᠤᠷᠢᠭ ᠢ ᠢᠯᠭᠠᠷᠠᠭᠤᠯᠤᠨ ᠴᠡᠭᠴᠡᠯᠡᠬᠦ ᠲᠠᠯ᠎ᠠ ᠪᠠᠷ᠂ ︽ᠬᠥᠬᠡᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠵᠤ ᠦᠶᠯᠡᠳᠪᠦᠷᠢ ᠶᠢᠨ ᠲᠣᠭᠤᠷᠢᠭ ᠢ ᠪᠤᠴᠠᠭᠠᠨ ᠭᠠᠷᠭᠠᠬᠤ ᠲᠥᠰᠦᠯ︾ ᠪᠠ ︽ᠬᠥᠬᠡᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ ᠦᠢᠯᠡᠰ ᠤᠨ ᠡᠷᠬᠡ ᠶᠢ ᠪᠤᠴᠠᠭᠠᠨ ᠭᠠᠷᠭᠠᠬᠤ ᠳᠤ ᠨᠥᠬᠦᠪᠥᠷᠢ ᠥᠭᠬᠦ ᠠᠷᠭ᠎ᠠ︾᠎ ᠶᠢ ᠵᠠᠯᠭᠠᠭ᠎ᠠ ᠪᠠᠷ ᠨᠡᠶᠢᠲᠡᠯᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠵᠤ ᠦᠶᠯᠡᠳᠪᠦᠷᠢ ᠶᠢᠨ ᠲᠣᠭᠤᠷᠢᠭ ᠢ ᠡᠮᠬᠢ ᠵᠢᠷᠤᠮ ᠲᠠᠢ ᠪᠠᠷ ᠪᠤᠴᠠᠭᠠᠨ ᠭᠠᠷᠭᠠᠬᠤ ᠳᠤ ᠬᠦᠴᠦᠲᠡᠶ ᠳᠦᠷᠢᠮ ᠤᠨ ᠪᠠᠲᠤᠯᠠᠭ᠎ᠠ ᠬᠠᠩᠭᠠᠪᠠ᠃ ᠣᠳᠣᠬᠠᠨ ᠪᠣᠯᠲᠠᠯ᠎ᠠ᠂ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 57 ᠠᠭᠤᠷᠬᠠᠶ ᠮᠠᠯᠲᠠᠬᠤ ᠠᠵᠤ ᠠᠬᠤᠶᠢᠯᠠᠯ ᠤᠨ 48 ᠠᠭᠤᠷᠬᠠᠶ ᠶᠢᠨ ᠮᠠᠯᠲᠠᠬᠤ ᠵᠥᠪᠰᠢᠶᠡᠷᠡᠯ ᠤᠨ ᠦᠨᠡᠮᠯᠡᠯ ᠢ ᠬᠦᠴᠦᠨ ᠥᠬᠡᠶ ᠪᠣᠯᠭᠠᠬᠤ ᠠᠵᠢᠯ ᠳᠤ 47᠎ ᠶᠢ ᠨᠢ ᠨᠢᠭᠡᠨᠲᠡ ᠬᠦᠴᠦᠨ ᠥᠬᠡᠶ ᠪᠣᠯᠭᠠᠬᠤ ᠪᠠᠷ ᠵᠠᠷᠯᠠᠪᠠ᠃ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠬᠡᠬᠤᠲᠠ ᠶᠢᠨ ᠬᠠᠷᠢᠶ᠎ᠠ ᠣᠷᠣᠨ ᠤ 100 ᠠᠵᠤ ᠦᠶᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ 95᠎ ᠶᠢᠨ ᠬᠢᠨᠢ ᠦᠶᠯᠡᠳᠪᠦᠷᠢᠯᠡᠯ᠂ ᠠᠮᠢᠳᠤᠷᠠᠯ ᠤᠨ ᠲᠥᠬᠦᠭᠡᠷᠦᠮᠵᠢ ᠶᠢ ᠨᠢ ᠴᠦᠮ ᠴᠡᠪᠡᠷᠯᠡᠵᠦ᠂ ᠦᠯᠡᠳᠡᠵᠦ ᠪᠠᠶᠢᠭ᠎ᠠ 5᠎ ᠶᠢ ᠨᠢ ᠱᠠᠯᠠᠪᠳᠠᠨ ᠴᠡᠪᠡᠷᠯᠡᠵᠦ ᠪᠣᠶ᠃      ᠡᠭᠦᠨ ᠠᠴᠠ ᠭᠠᠳᠠᠨ᠎ᠠ᠂ ︽ᠪᠤᠴᠠᠵᠤ ᠪᠠᠶᠢᠴᠠᠭᠠᠨ ᠦᠵᠡᠬᠦ︾ ᠬᠤᠭᠤᠴᠠᠭᠠᠨ ᠳᠤ ᠬᠠᠷᠢᠭᠤ ᠲᠤᠰᠬᠠᠭᠰᠠᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ 658 ︵ᠦᠨᠡᠨ ᠪᠣᠳᠠᠲᠠᠶ ᠨᠢ 604᠂ ᠦᠨᠡᠨ ᠪᠣᠳᠠᠲᠠᠶ ᠪᠤᠰᠤ ᠨᠢ 54︶ ᠪᠠᠶᠢᠵᠤ᠂ 8 ᠳ᠋ᠤᠭᠠᠷ ᠰᠠᠷ᠎ᠠ ᠶᠢᠨ 20᠎ ᠤ ᠡᠳᠦᠷ ᠪᠣᠯᠲᠠᠯ᠎ᠠ᠂ ᠴᠡᠭᠴᠡᠯᠡᠨ ᠰᠠᠶᠢᠵᠢᠷᠠᠭᠤᠯᠬᠤ ᠬᠡᠷᠡᠭ ᠢ ᠨᠡᠶᠢᠲᠡ 631 ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 95.9 % ᠪᠠᠶᠢᠪᠠ᠃ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ 27 ᠬᠡᠷᠡᠭ ᠢ ᠤᠳᠤ ᠶᠠᠭ ᠢᠳᠡᠪᠬᠢᠲᠡᠶ ᠪᠠᠷ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号