ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠮᠡᠳᠡᠭᠡ ᠶᠢ ᠦᠨᠳᠦᠰᠦᠯᠡᠪᠡᠯ᠂ ᠥᠪᠥᠷ ᠮᠣᠩᠭᠤᠯ | ᠤᠨ ᠥᠷᠨᠢᠭᠦᠯᠦᠭᠰᠡᠨ ︽ᠲᠥᠪ ᠤᠨ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ | ᠳᠣᠪᠤᠶᠢᠮ᠎ᠠ ᠠᠰᠠᠭᠤᠳᠠᠯ︾ ᠤᠨ ᠲᠤᠰᠬᠠᠶ ᠴᠡᠭᠴᠡᠯᠡᠨ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠡᠨᠡ | ᠵᠢᠯ ᠤᠨ 1 — 8 ᠳ᠋ᠤᠭᠠᠷ ᠰᠠᠷ᠎ᠠ ᠳᠤ ᠲᠥᠪ ᠤᠨ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠵᠥᠷᠢᠴᠡᠭᠰᠡᠨ 369 ᠠᠰᠠᠭᠤᠳᠠᠯ ᠢ ᠪᠠᠶᠢᠴᠠᠭᠠᠨ ᠰᠢᠶᠳᠪᠦᠷᠢᠯᠡᠪᠡ᠃ | 15 ᠤ ᠡᠳᠦᠷ ᠪᠣᠯᠣᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠤᠭ ᠰᠠᠨᠠᠭ᠎ᠠ ᠪᠠᠨ | ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠰᠦᠨ ᠬᠤᠩ ᠮᠧᠶ ᠶᠢᠨ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ | ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ | ᠠᠵᠢᠯ ᠥᠷᠨᠢᠭᠦᠯᠬᠦ ᠶᠠᠪᠤᠴᠠ ᠳᠤ᠂ ︽ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ | ᠳᠣᠪᠤᠶᠢᠮ᠎ᠠ ᠠᠰᠠᠭᠤᠳᠠᠯ︾ ᠢ ᠲᠤᠰᠬᠠᠶ ᠴᠡᠭᠴᠡᠯᠡᠨ ᠵᠠᠰᠠᠬᠤ ᠪᠠ ︽ᠬᠡᠯᠪᠡᠷᠢᠴᠢ ᠦᠵᠡᠯ ᠨᠣᠶᠠᠨᠴᠢ ᠰᠤᠷᠲᠠᠯ ᠢ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ︾ ᠲᠤᠰᠬᠠᠶ ᠴᠡᠭᠴᠡᠯᠡᠨ ᠵᠠᠰᠠᠯᠲᠠ ᠶᠢ | ᠥᠷᠨᠢᠭᠦᠯᠪᠡ᠃ | ᠡᠨᠡ ᠵᠢᠯ ᠠᠴᠠ ᠨᠠᠭᠠᠰᠢ ᠪᠥᠬᠦ ᠣᠷᠣᠨ ᠳᠤ ᠲᠥᠪ ᠤᠨ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ | ᠶᠢ ᠵᠥᠷᠢᠴᠡᠭᠰᠡᠨ 369 ᠠᠰᠠᠭᠤᠳᠠᠯ ᠢ ᠪᠠᠶᠢᠴᠠᠭᠠᠨ ᠰᠢᠶᠳᠪᠦᠷᠢᠯᠡᠵᠦ᠂ 403 ᠬᠥᠮᠦᠨ ᠳᠤ ᠨᠠᠮ ᠤᠨ ᠰᠠᠬᠢᠯᠭ᠎ᠠ | ᠪᠠᠲᠤ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠥᠭᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠠᠵᠢᠯ ᠤᠨ ᠰᠠᠯᠠᠭ᠎ᠠ ᠮᠥᠴᠢᠷ ᠤᠨ ᠲᠠᠷᠬᠠᠭᠠᠬᠤ ᠪᠢᠴᠢᠭ ᠮᠠᠲ᠋ᠧᠷᠢᠶᠠᠯ ᠤᠨ ᠲᠤᠭ᠎ᠠ ᠶᠢ | ᠠᠳᠠᠯᠢ ᠬᠤᠭᠤᠴᠠᠭᠠᠨ ᠤ ᠬᠢ ᠠᠴᠠ ᠶᠡᠭᠡ ᠪᠠᠷ ᠴᠣᠮᠬᠠᠳᠬᠠᠪᠠ᠃ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠬᠦ ᠪᠠᠷ | ᠳᠠᠮᠵᠢᠭᠤᠯᠤᠨ᠂ ᠪᠦᠬᠦ ᠣᠷᠣᠨ ᠤ ᠺᠠᠳ᠋ᠷ ᠤᠨ ᠠᠵᠢᠯ ᠤᠨ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠦᠵᠡᠯ | ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠭᠡᠷᠡᠴᠢᠯᠡᠯᠲᠡ ᠬᠢᠵᠦ ᠬᠥᠭᠵᠢᠭᠦᠯᠬᠦ ᠲᠣᠭᠲᠠᠭᠤᠨ | ᠪᠠᠶᠢᠯᠭᠠᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠲᠦᠯᠬᠢᠨ ᠠᠬᠢᠭᠤᠯᠤᠭᠰᠠᠨ ᠪᠠ ᠪᠠᠲᠤᠯᠠᠪᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠣᠯᠠᠨ ᠲᠦᠮᠡᠨ ᠤ ᠰᠡᠳᠬᠢᠯ ᠵᠣᠪᠠᠵᠤ ᠪᠤᠬᠢᠨᠢᠳᠤᠵᠤ ᠪᠠᠶᠢᠭ᠎ᠠ | ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ | ᠰᠠᠶᠢᠲᠤᠷ ᠠᠳᠬᠤᠪᠠ᠃ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠲᠤᠰᠬᠠᠶ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠢᠶᠳᠪᠦᠷᠢᠯᠡᠬᠦ ᠶᠢ | ᠬᠦᠴᠦᠲᠡᠢ ᠲᠦᠯᠬᠢᠨ ᠠᠬᠢᠭᠤᠯᠪᠠ᠃ ︽ᠥᠪᠥᠷ ᠮᠣᠩᠭᠤᠯ ᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠲᠤᠰᠬᠠᠶ ᠴᠡᠭᠴᠡᠯᠡᠨ ᠵᠠᠰᠠᠬᠤ ᠲᠣᠮᠣ ᠳ᠋ᠠᠶᠢᠲ᠋ᠠ ᠶᠢᠨ ᠲᠠᠪᠴᠠᠩ︾ ᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ | ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠣᠭᠤᠰ ᠵᠢᠴᠢ ᠨᠤᠷᠠᠬᠤ ᠠᠶᠤᠯᠲᠠᠶ | ᠭᠡᠷ ᠪᠠᠶᠢᠰᠢᠩ ᠤᠨ ᠨᠥᠬᠦᠪᠥᠷᠢ ᠵᠣᠭᠤᠰ ᠢ ᠲᠣᠭᠲᠠᠭᠠᠯ ᠠᠴᠠ ᠵᠥᠷᠢᠴᠡᠨ ᠠᠪᠬᠤ ᠠᠰᠠᠭᠤᠳᠠᠯ ᠡᠭᠦᠰᠬᠦ ᠶᠢ | ᠪᠦᠲᠦᠮᠵᠢᠲᠡᠶ ᠰᠡᠷᠭᠡᠶᠢᠯᠡᠪᠡ᠃ | ︽ᠢᠳᠡᠵᠦ ᠡᠮᠦᠰᠬᠦ ᠶᠠᠪᠤᠵᠤ ᠰᠠᠭᠤᠬᠤ︾ ᠳᠥᠷᠪᠡᠨ ᠶᠡᠭᠡ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ 4500 ᠭᠠᠷᠤᠶ ᠠᠰᠠᠭᠤᠳᠠᠯ ᠢ ᠬᠡᠷᠡᠭ ᠪᠣᠯᠭᠠᠨ | ᠳᠠᠩᠰᠠᠯᠠᠵᠤ ᠪᠠᠶᠢᠴᠠᠭᠠᠨ ᠰᠢᠶᠳᠪᠦᠷᠢᠯᠡᠪᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠯᠡᠴᠢᠯᠡᠨ ᠮᠡᠳᠡᠭᠦᠯᠬᠦ | ᠬᠠᠮᠢᠶᠠᠷᠤᠯᠲᠠ ᠶᠢᠨ ᠲᠠᠪᠴᠠᠩ ᠤᠨ ᠬᠦᠯᠢᠶᠡᠨ ᠠᠪᠤᠭᠰᠠᠨ 12369 ᠢᠯᠡᠴᠢᠯᠡᠨ ᠮᠡᠳᠡᠭᠦᠯᠦᠭᠰᠡᠨ ᠬᠡᠷᠡᠭ ᠤᠨ | 90% ᠶᠢ ᠨᠢ ᠨᠢᠭᠡᠨᠲᠡ ᠰᠢᠶᠳᠪᠦᠷᠢᠯᠡᠵᠦ ᠳᠠᠭᠤᠰᠬᠠᠪᠠ᠃ ᠬᠥᠳᠡᠭᠡ ᠲᠣᠰᠬᠤᠨ ᠤ ᠵᠠᠰᠠᠮᠠᠯ ᠵᠠᠮ ᠢ 2863 | ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ ︽ᠰᠠᠭᠠᠳ ᠦᠭᠡᠢ ᠪᠤᠴᠠᠬᠤ ︾ ᠠᠰᠠᠭᠤᠳᠠᠯ ᠢ | ᠰᠢᠶᠳᠪᠦᠷᠢᠯᠡᠪᠡ᠃ | ᠨᠢᠭᠡ ᠪᠦᠯᠦᠭ ︽ᠦᠨᠡᠮᠯᠡᠯ ᠠᠪᠬᠤ ᠳᠤ ᠬᠦᠴᠢᠷ︾᠂ ︽ᠣᠷᠣᠵᠤ ᠰᠠᠭᠤᠬᠤ ᠳᠤ ᠬᠦᠴᠢᠷ︾᠂ ︽ᠪᠤᠴᠠᠵᠤ | ᠨᠡᠭᠦᠬᠦ ᠳᠤ ᠬᠦᠴᠢᠷ︾ ᠵᠡᠷᠭᠡ ᠭᠡᠷ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠦᠬᠡᠨ ᠦᠯᠡᠳᠡᠭᠳᠡᠯ ᠠᠰᠠᠭᠤᠳᠠᠯ ᠢ | ᠰᠢᠶᠳᠪᠦᠷᠢᠯᠡᠪᠡ᠃ ᠢᠳᠡᠭᠡᠨ ᠪᠠ ᠡᠮ ᠤᠨ ᠵᠦᠢᠯ ᠤᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ︽ᠺᠦᠨᠯᠦ᠋ᠨ︾ ᠠᠵᠢᠯᠯᠠᠭ᠎ᠠ ᠶᠢ ᠥᠷᠨᠢᠭᠦᠯᠵᠦ᠂ | ᠬᠡᠯᠬᠢᠶᠡᠷᠡᠭᠰᠡᠨ ᠢᠳᠡᠭᠡᠨ ᠪᠠ ᠡᠮ ᠤᠨ ᠵᠦᠢᠯᠡᠰ ᠤᠨ ᠬᠡᠷᠡᠭ ᠢ ᠢᠯᠡᠷᠡᠭᠦᠯᠪᠡ᠃ | ︽32 ᠦᠨᠡᠮᠯᠡᠯ ᠢ ᠨᠢᠭᠡᠳᠬᠡᠬᠦ︾ ᠶᠢ ᠬᠡᠷᠡᠭᠵᠢᠭᠦᠯᠵᠦ᠂ ︽ᠨᠢᠭᠡ ᠰᠦᠯᠵᠢᠶ᠎ᠡ ᠪᠠᠷ ᠭᠤᠶᠤᠴᠢᠯᠠᠬᠤ᠂ ᠨᠢᠭᠡ | ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ ︾ ᠶᠢ ᠪᠡᠶᠡᠯᠡᠭᠦᠯᠵᠦ᠂ | ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠪᠣᠭᠤᠨᠢᠰᠬᠠᠭᠠᠳ 5 ᠠᠵᠢᠯᠯᠠᠬᠤ ᠡᠳᠦᠷ ᠪᠣᠯᠭᠠᠵᠤ᠂ ᠠᠵᠤ | ᠠᠬᠤᠶᠢᠯᠠᠯ ᠤᠨ ︽ᠵᠥᠪᠰᠢᠶᠡᠷᠡᠯ ᠢᠶᠠᠷ ᠣᠷᠣᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ | | |