ᠦᠪᠡᠷᠳᠡᠬᠡᠨ ᠵᠠᠰᠠᠬᠤ ᠣᠷᠣᠨ ᠤ ︽10 · 17︾᠎ ᠤ ᠶᠠᠳᠠᠭᠤ ᠶᠢ ᠲᠡᠳᠬᠦᠬᠦ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2019/10/17
     10 ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ︽10 · 17︾᠎ ᠤ ᠶᠠᠳᠠᠭᠤ ᠶᠢ ᠲᠡᠳᠬᠦᠬᠦ ᠡᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠮᠠᠨ ᠤ ᠤᠷᠤᠨ ᠤ ᠶᠠᠳᠠᠭᠤ ᠶᠢ ᠳᠡᠳᠭᠦᠵᠦ ᠶᠠᠳᠠᠭᠤ ᠠᠴᠠ ᠠᠩᠬᠢᠵᠢᠷᠠᠭᠤᠯᠬᠤ ᠡᠯ᠎ᠠ ᠳᠠᠯ᠎ᠠ ᠶᠢᠨ ᠠᠵᠢᠯ ᠤᠨ ᠠᠮᠵᠢᠯᠳᠠ ᠪᠦᠳᠦᠮᠵᠢ ᠶᠢᠨ ᠳᠤᠬᠠᠢ ᠰᠤᠨᠢᠨ ᠮᠡᠳᠡᠭᠡ ᠶᠢ ᠨᠡᠶᠢᠳᠡᠯᠡᠭᠰᠡᠨ ᠪᠦᠭᠡᠳ ᠬᠠᠮᠢᠶ᠎ᠠ ᠪᠦᠬᠦᠢ ᠠᠰᠠᠭᠤᠳᠠᠯ ᠤᠨ ᠳᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠷᠤᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠳᠡ ᠪᠠᠷ ᠵᠢᠯᠣᠭᠤᠳᠤᠯᠭ᠎ᠠ ᠪᠣᠯᠭᠠᠵᠤ᠂ ᠨᠠᠮ ᠎ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠠ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠠᠳᠬᠤᠵᠤ᠂ ᠬᠠᠷᠢᠭᠤᠴᠠᠯᠭ᠎ᠠ ᠶᠢᠨ ᠰᠢᠰᠲ᠋ᠧᠮ᠂ ᠲᠥᠷᠦ ᠶᠢᠨ ᠪᠣᠳᠣᠯᠭ᠎ᠠ ᠶᠢᠨ ᠰᠢᠰᠲ᠋ᠧᠮ᠂ ᠣᠷᠣᠭᠤᠯᠤᠯᠲᠠ ᠶᠢᠨ ᠰᠢᠰᠲ᠋ᠧᠮ᠂ ᠠᠵᠢᠯ ᠤᠨ ᠰᠢᠰᠲ᠋ᠧᠮ᠂ ᠳᠠᠶᠢᠴᠢᠯᠠᠬᠤ ᠰᠢᠰᠲ᠋ᠧᠮ᠂ ᠬᠢᠨᠠᠯᠲᠠ ᠲᠠᠯᠪᠢᠬᠤ ᠰᠢᠰᠲ᠋ᠧᠮ ᠪᠠ ᠬᠠᠮᠢᠶᠠᠷᠤᠯᠲᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠠᠵᠢᠯ ᠢ ᠰᠢᠢᠳᠪᠦᠷᠢᠲᠦ ᠴᠢᠨᠠᠷᠲᠠᠶ ᠠᠬᠢᠭᠤᠯᠤᠭᠰᠠᠨ ᠪᠠᠶᠢᠨ᠎ᠠ᠃ 2013 ᠣᠨ ᠤ ᠰᠡᠭᠦᠯᠴᠢ ᠠᠴᠠ 2018 ᠣᠨ ᠤ ᠰᠡᠭᠦᠯᠴᠢ ᠪᠤᠯᠳᠠᠯ᠎ᠠ᠂ ᠤᠯᠤᠰ ᠤᠨ ᠪᠠᠷᠢᠮᠵᠢᠶ᠎ᠠ ᠠᠴᠠ ᠳᠣᠤᠷᠠᠬᠢ ᠮᠠᠨ ᠤ ᠤᠷᠤᠨ ᠤ ᠮᠠᠯᠵᠢᠬᠤ ᠲᠠᠷᠢᠶᠠᠯᠠᠬᠤ ᠣᠷᠣᠨ ᠎ ᠤ 141.76 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠵᠤ᠂ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ 11 ᠬᠤᠰᠢᠭᠤ ᠰᠢᠶᠠᠨ᠂ ᠣᠷᠣᠨ ᠤ ᠲᠡᠰ ᠤᠨ ᠶᠠᠳᠠᠭᠤ ᠬᠦᠴᠢᠷᠳᠡᠯᠲᠡᠶ 26 ᠬᠤᠰᠢᠭᠤ ᠰᠢᠶᠠᠨ ᠢ ᠶᠠᠳᠠᠭᠤ ᠠᠴᠠ ᠠᠩᠬᠢᠵᠢᠷᠠᠭᠤᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号