ᠥᠪᠡᠷᠲᠡᠭᠡᠨ ᠵᠠᠰᠠᠬᠤ ᠤᠷᠤᠨ ︽ᠵᠠᠰᠠᠬ ᠤᠨ ᠤᠷᠳᠤᠨ ᠪᠠ ᠬᠤᠶᠠᠷ ᠬᠤᠷᠢᠶ᠎ᠠ︾᠎ ᠶᠢᠨ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠠᠬᠢᠭᠤᠯᠬᠤ ᠬᠠᠮᠳᠤᠷᠠᠬᠰᠠᠨ ᠬᠤᠷᠠᠯ ᠬᠤᠷᠠᠯᠳᠤᠭᠤᠯᠪᠠ ᠮᠠ ᠰᠢᠤᠸᠠᠢ ᠵᠢᠶᠦ᠋ᠨ ᠯᠢ ᠴᠢ ᠯᠢᠨ ᠬᠤᠷᠠᠯ ᠳᠤ ᠤᠷᠤᠯᠴᠠᠵᠤ ᠶᠠᠷᠢᠶ᠎ᠠ ᠳᠠᠯᠪᠢᠵᠠᠢ
ᠨᠡᠶᠢᠲᠡᠯᠡᠭᠰᠡᠨ ᠴᠠᠭ᠄
2019/10/17
     10 ᠰᠠᠷ᠎ᠠ ᠶᠢᠨ 16᠎ ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ︽ᠵᠠᠰᠠᠬ ᠤᠨ ᠤᠷᠳᠤᠨ ᠪᠡ ᠬᠤᠶᠠᠷ ᠬᠤᠷᠢᠶ᠎ᠠ︾᠎ ᠶᠢᠨ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠠᠬᠢᠭᠤᠯᠬᠤ ᠬᠠᠮᠳᠤᠷᠠᠬᠰᠠᠨ ᠬᠤᠷᠠᠯ ᠬᠤᠷᠠᠯᠳᠤᠭᠤᠯᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠤᠸᠠᠢ ᠵᠢᠶᠦ᠋ᠨ ᠬᠤᠷᠠᠯ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠥ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠯᠢ ᠴᠢ ᠯᠢᠨ ᠬᠤᠷᠠᠯ ᠳᠤ ᠤᠷᠤᠯᠴᠠᠬᠰᠠᠨ ᠪᠦᠬᠡᠳ ᠶᠠᠷᠢᠶ᠎ᠠ ᠳᠠᠯᠪᠢᠵᠠᠢ᠃      ᠮᠠ ᠰᠢᠤᠸᠠᠢ ᠵᠢᠶᠦ᠋ᠨ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠠᠷᠠᠮᠵᠢ ᠶᠢᠨ ᠵᠠᠷᠭᠤ ᠬᠢᠬᠦ ᠳᠦᠷᠢᠮ ᠎ ᠢ ᠪᠠᠶᠢᠭᠤᠯᠤᠬᠰᠠᠨ ᠨᠢ ᠨᠠᠮ ᠤᠨ ᠳᠦᠪ ᠬᠤᠷᠢᠶ᠎ᠠ ᠶᠢᠨ ᠤᠯᠤᠰ ᠪᠠ ᠨᠡᠶᠢᠬᠡᠮ ᠤᠨ ᠤᠯᠠᠨ ᠨᠡᠶᠢᠳᠡ ᠶᠢᠨ ᠠᠰᠢᠬ ᠳᠤᠰᠠ ᠶᠢᠨ ᠬᠠᠮᠠᠭᠠᠯᠠᠯᠳᠠ ᠶᠢ ᠴᠢᠩᠭᠠᠳᠬᠠᠬᠤ᠂ ᠬᠠᠤᠯᠢ ᠶᠤᠰᠤᠭᠠᠷ ᠵᠠᠰᠠᠬ ᠶᠠᠪᠤᠭᠤᠯᠬᠤ ᠶᠢ ᠠᠬᠢᠭᠤᠯᠬᠤ᠂ ᠬᠠᠤᠯᠢ ᠴᠠᠭᠠᠵᠠ ᠶᠢᠨ ᠡᠷᠬᠡ ᠳᠤᠰᠢᠶᠠᠯ ᠤᠨ ᠵᠤᠬᠢᠴᠠᠭᠤᠯᠭ᠎ᠠ ᠶᠢ ᠰᠢᠯᠢᠳᠡᠭᠵᠢᠬᠦᠯᠬᠦ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠪᠤᠯᠤᠨ᠎ᠠ᠃ ᠡᠯ᠎ᠡ ᠰᠠᠯᠠᠭ᠎ᠠ ᠮᠦᠴᠢᠷ᠂ ᠡᠯ᠎ᠡ ᠨᠢᠬᠡᠴᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠳᠦᠷᠢᠮ ᠤᠨ ᠳᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠨᠠᠶᠢᠳᠠ ᠶᠢᠨ ᠠᠰᠠᠷᠠᠮᠵᠢ ᠶᠢᠨ ᠵᠠᠷᠭᠤ ᠶᠢᠨ ᠳᠦᠷᠢᠮ ᠢ ᠪᠠᠶᠢᠭᠤᠯᠤᠬᠰᠠᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ ᠳᠠᠨᠢᠵᠥ᠂ ᠪᠠᠶᠢᠴᠠᠭᠠᠬᠤ ᠪᠠᠶᠢᠭᠤᠯᠭ᠎ᠠ ᠶᠢᠨ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠰᠠᠶᠢᠳᠤᠷ ᠦᠷᠨᠢᠬᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠵᠥ ᠬᠠᠮᠵᠢᠯᠴᠠᠬᠤ ᠬᠡᠷᠡᠭᠳᠡᠢ᠃ ᠵᠤᠯᠭᠠᠭᠤᠯᠵᠥ ᠬᠠᠮᠵᠢᠯᠴᠠᠬᠤ ᠪᠠᠨ ᠴᠢᠩᠭᠠᠳᠬᠠᠵᠥ᠂ ᠬᠠᠤᠯᠢ ᠬᠡᠷᠡᠭᠵᠢᠬᠦᠯᠬᠦ ᠬᠠᠤᠯᠢ ᠴᠠᠭᠠᠵᠠ ᠶᠢᠨ ᠪᠠᠶᠢᠭᠤᠯᠭ᠎ᠠ ᠬᠢᠬᠡᠳ ᠪᠠᠶᠢᠴᠠᠭᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠬᠦᠯᠬᠦ ᠮᠡᠳᠡᠭᠡ ᠵᠠᠩᠬᠢ ᠶᠢ ᠬᠤᠯᠪᠤᠯᠳᠤᠭᠤᠯᠵᠥ ᠬᠠᠮᠳᠤ ᠪᠠᠷ ᠡᠳ᠋ᠯᠡᠬᠦ᠂ ᠪᠠᠶᠢᠴᠠᠭᠠᠠ ᠳᠤᠳᠤᠯᠠᠵᠥ ᠬᠠᠮᠵᠢᠯᠴᠠᠬᠤ᠂ ᠬᠠᠮᠳᠤᠷᠠᠨ ᠰᠤᠳᠤᠯᠵᠥ ᠪᠤᠯᠪᠠᠰᠤᠷᠠᠬᠤ᠂ ᠬᠠᠮᠳᠤᠷᠠᠬᠰᠠᠨ ᠬᠤᠷᠠᠯ ᠢ ᠪᠠᠶᠢᠩᠭᠤᠵᠢᠭᠤᠯᠬᠤ ᠵᠡᠷᠬᠡ ᠳᠤᠬᠳᠠᠴᠠ ᠶᠢ ᠪᠠᠶᠢᠭᠤᠯᠵᠥ᠂ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠤᠨ ᠳᠠᠰᠤᠷᠠᠯᠳᠠ ᠦᠬᠡᠢ ᠰᠢᠨ᠎ᠡ ᠦᠷ᠎ᠡ ᠪᠦᠳᠦᠮᠵᠢ ᠤᠯᠬᠤ ᠶᠢ ᠠᠬᠢᠭᠤᠯᠵᠥ᠂ ᠡᠬᠡ ᠤᠯᠤᠰ ᠤᠨ ᠤᠮᠠᠷᠠᠳᠤ ᠶᠢᠨ ᠡᠨᠡ ᠬᠦ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠥ ᠵᠢᠭᠠᠵᠥ ᠭᠠᠷᠭᠠᠪᠠ᠃      ᠯᠢ ᠴᠢ ᠯᠢᠨ᠂ ᠪᠦᠬᠦ ᠤᠷᠤᠨ ᠤ ᠪᠠᠶᠢᠴᠠᠭᠠᠬᠤ ᠪᠠᠶᠢᠭᠤᠯᠭ᠎ᠠ ᠤᠯᠤᠰ ᠳᠦᠷᠦ ᠶᠢᠨ ᠵᠤᠬᠰᠤᠴᠠ ᠪᠠᠨ ᠳᠡᠬᠡᠭᠰᠢᠯᠡᠬᠦᠯᠵᠥ᠂ ᠵᠦᠪ ᠤᠨᠤᠪᠴᠢᠳᠠᠢ ᠠᠵᠢᠯ ᠤᠨ ᠦᠢᠯᠠᠭᠠᠬᠳᠠᠬᠤᠨ ᠢ ᠪᠤᠢ ᠪᠤᠯᠭᠠᠵᠥ᠂ ᠬᠠᠤᠯᠢ ᠴᠠᠭᠠᠵᠠ ᠶᠢᠨ ᠬᠢᠨᠠᠯᠳᠠ ᠳᠠᠯᠪᠢᠬᠤ ᠡᠬᠦᠷᠬᠡ ᠴᠢᠳᠠᠪᠬᠢ ᠪᠠᠨ ᠬᠦᠢᠴᠡᠳ ᠪᠠᠳᠠᠷᠠᠭᠤᠯᠵᠥ᠂ ᠠᠷᠠᠳ ᠤᠨ ᠠᠮᠢᠳᠤᠷᠠᠯ ᠢ ᠪᠠᠳᠤᠯᠠᠬᠤ ᠳᠤ ᠦᠢᠯᠡᠴᠢᠯᠡᠵᠥ᠂ ᠬᠠᠮᠠᠭᠠᠯᠠᠯᠳᠠ ᠶᠢᠨ ᠬᠠᠮᠳᠤᠷᠠᠯ ᠬᠦᠴᠦᠨ ᠢ ᠪᠦᠷᠢᠯᠳᠦᠬᠦᠯᠵᠥ᠂ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠳᠡᠬᠡᠷ᠎ᠡ᠂ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠳᠢᠩᠬᠢᠮ ᠵᠡᠷᠬᠡ 5 ᠵᠠᠰᠠᠬ ᠵᠠᠬᠢᠷᠭᠠᠨ ᠤ ᠬᠠᠤᠯᠢ ᠬᠡᠷᠡᠭᠵᠢᠬᠦᠯᠬᠦ ᠨᠢᠬᠡᠴᠢ ᠪᠤᠯᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠬᠡ ᠶᠢᠨ ᠰᠢᠬᠦᠬᠦ ᠬᠤᠷᠢᠶᠠᠨ ᠤ ᠬᠠᠷᠢᠭᠤᠴᠠᠯᠭᠠᠳᠠᠨ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号