ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠥ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠨ ᠳᠤᠭᠤᠰᠢᠯᠠᠭᠤᠯᠵᠥ ᠤᠳᠤᠬᠠᠨ ᠤ ᠠᠵᠥ ᠠᠬᠤᠢ ᠶᠢᠨ ᠪᠠᠶᠢᠳᠠᠯ ᠪᠤᠯᠤᠨ ᠠᠵᠥ ᠠᠬᠤᠢ ᠶᠢᠨ ᠠᠵᠢᠯ ᠢ ᠵᠠᠳᠠᠯᠤᠨ ᠰᠤᠳᠤᠯᠵᠠᠢ  ᠯᠢ ᠵᠢᠢ ᠾᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2019/10/21
     10 ᠰᠠᠷ᠎ᠠ ᠶᠢᠨ 18᠎ ᠤ ᠦᠳᠡ ᠶᠢᠨ ᠡᠮᠤᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠥ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠦᠭᠭᠦᠭᠰᠡᠨ ᠴᠢᠬᠤᠯᠠ ᠵᠢᠭᠠᠪᠤᠷᠢ ᠪᠤᠯᠤᠨ ᠶᠡᠷᠦᠩᠬᠡᠢ ᠰᠠᠶᠢᠳ ᠯᠢ ᠺᠧ ᠴᠢᠶᠠᠩ ᠤᠨ ᠴᠤᠬᠤᠯᠠᠪᠤᠷᠢ ᠶᠢᠨ ᠵᠤᠷᠢᠭ ᠰᠠᠨᠠᠭ᠎ᠠ᠂ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠱᠠᠩᠨᠠᠯ ᠤᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠵᠢᠴᠢ ᠳᠡᠷᠢᠬᠦᠨ ᠤ ᠦᠢᠯᠠ ᠠᠵᠢᠯᠯᠠᠭ᠎ᠠ ᠶᠢᠨ ᠮᠡᠳᠡᠬᠦᠯᠦᠯᠳᠡ ᠶᠢᠨ ᠬᠤᠷᠠᠯ ᠵᠡᠷᠬᠡ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠳᠤᠭᠤᠰᠢᠯᠠᠭᠤᠯᠵᠥ᠂ ᠤᠳᠤᠬᠠᠨ ᠤ ᠠᠵᠥ ᠠᠬᠤᠢ ᠶᠢᠨ ᠪᠠᠶᠢᠳᠠᠯ ᠪᠤᠯᠤᠨ ᠠᠵᠥ ᠠᠬᠤᠢ ᠶᠢᠨ ᠠᠵᠢᠯ ᠢ ᠵᠠᠳᠠᠯᠤᠨ ᠰᠤᠳᠤᠯᠵᠠᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠪᠡ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠳᠡᠳᠬᠦᠬᠦ ᠠᠵᠢᠯ ᠤᠨ ᠳᠤᠬᠠᠢ ᠴᠢᠬᠤᠯᠠ ᠦᠬᠦᠯᠡᠯᠳᠡ ᠪᠤᠯᠤᠨ ᠡᠨᠡ ᠤᠳᠠᠭ᠎ᠠ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠶᠡᠷᠦᠩᠬᠡᠢ ᠰᠠᠶᠢᠳ ᠯᠢ ᠺᠧ ᠴᠢᠶᠠᠩ ᠤᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠳᠡᠪᠤᠨ ᠱᠠᠳᠤᠨ ᠤ ᠱᠦᠵᠢ ᠶᠠᠳᠠᠭᠤ ᠶᠢ ᠳᠡᠳᠬᠦᠬᠦ ᠶᠢ ᠠᠳᠬᠤᠬᠤ ᠬᠠᠷᠢᠭᠤᠴᠠᠯᠭ᠎ᠠ ᠶᠢ ᠴᠢᠨᠠᠬᠰᠢᠳᠠ ᠪᠤᠳᠠᠳᠠᠶᠢᠵᠢᠭᠤᠯᠵᠥ᠂ ᠤᠨᠴᠠ ᠶᠠᠳᠠᠭᠤ ᠬᠦᠴᠢᠷᠳᠠᠯᠳᠠᠢ ᠭᠠᠵᠠᠷ ᠤᠷᠤᠨ ᠳᠤ ᠠᠩᠬᠠᠷᠤᠯ ᠢᠶᠠᠨ ᠲᠦᠪᠯᠡᠷᠡᠭᠦᠯᠵᠦ ᠪᠤᠭᠤᠮᠳᠠ ᠰᠢᠪᠳᠤᠯᠬᠤ ᠡᠷᠴᠢᠮ ᠢᠶᠠᠨ ᠴᠢᠩᠭᠠᠷᠠᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠠᠷᠪᠠᠨ ᠵᠦᠢᠯ ᠢ ︽ᠪᠦᠬᠦᠨ ᠢ ᠪᠡᠶᠡᠯᠡᠭᠦᠯᠦᠨ ᠪᠠᠷᠢᠮᠵᠢᠶ᠎ᠠ ᠳᠤ ᠬᠦᠷᠬᠡᠬᠦ︾ ᠳᠤᠰᠬᠠᠢ ᠳᠦᠷᠦᠯ ᠤᠨ ᠠᠵᠢᠯᠯᠠᠭ᠎ᠠ ᠶᠢ ᠬᠦᠨᠵᠡᠬᠡᠢ ᠬᠡᠷᠡᠭᠵᠢᠬᠦᠯᠵᠥ᠂ ᠳᠦᠪ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤᠰᠬᠠᠢ ᠳᠤᠭᠤᠷᠢᠨ ᠪᠠᠶᠢᠴᠠᠭᠠᠯᠳᠠ ᠳᠤ ᠢᠯᠡᠷᠡᠭᠦᠯᠦᠭᠰᠡᠨ ᠠᠰᠠᠭᠤᠳᠠᠯ ᠪᠤᠯᠤᠨ ᠦᠷ᠎ᠡ ᠪᠦᠳᠦᠮᠵᠢ ᠶᠢᠨ ᠬᠢᠨᠠᠨ ᠰᠢᠯᠭᠠᠯᠳᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠳᠤᠳᠠᠢ ᠰᠠᠶᠢᠳᠦᠷ ᠠᠳᠬᠤᠨ᠂ ︽ᠬᠤᠶᠠᠷ ᠲᠤ ᠵᠤᠪᠠᠭ᠋ᠤ ᠦᠬᠡᠢ ᠭᠤᠷᠪᠠ ᠶᠢ ᠪᠠᠳᠤᠯᠠᠬᠤ︾ ᠳᠠᠯ᠎ᠠ ᠪᠠᠷ ᠤᠷᠤᠰᠢᠵᠥ ᠪᠠᠶᠢᠭ᠎ᠠ ᠳᠤᠪᠤᠶᠢᠮ᠎ᠠ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠳᠦᠬᠡᠯ ᠢ ᠪᠠᠳᠤᠳᠬᠠᠨ ᠦᠷᠬᠡᠳᠬᠡᠬᠦ ᠪᠠᠷ ᠬᠦᠴᠦᠯᠡᠨ ᠴᠢᠷᠮᠠᠶᠢᠵᠤ᠂ ᠴᠢᠨᠠᠷ ᠰᠠᠶᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠡᠯᠳᠡ ᠶᠢ ᠤᠯᠬᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠬᠠᠷᠠᠯᠳᠠ ᠳᠡᠶᠢᠰᠢ ᠡᠷᠡᠮᠡᠬᠡᠶᠢᠯᠡᠨ ᠤᠷᠤᠬᠰᠢᠯᠠᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ᠂ ᠡᠨᠡ ᠵᠢᠯ ᠠᠴᠠ ᠨᠠᠭᠠᠰᠢ ᠪᠦᠬᠦ ᠤᠷᠤᠨ ᠤ ᠠᠵᠥ ᠠᠬᠤᠢ ᠶᠢᠨ ᠡᠷᠬᠢᠯᠳᠡ ᠶᠡᠷᠦᠩᠬᠡᠢ ᠳᠡᠭᠡᠨ ᠳᠤᠬᠳᠠᠭᠤᠨ ᠪᠠᠶᠢᠵᠤ᠂ ᠳᠤᠬᠳᠠᠭᠤᠨ ᠤ ᠳᠤᠮᠳᠠ ᠠᠬᠢᠵᠤ᠂ ᠠᠯᠢ ᠤᠯᠠᠨ ᠢᠳᠡᠪᠬᠢᠳᠡᠢ ᠬᠤᠪᠢᠷᠠᠯᠳᠠ ᠢᠯᠡᠷᠡᠪᠡ᠃ ᠡᠭᠦᠨ ᠤ ᠵᠡᠷᠭᠡ ᠪᠠᠷ᠂ ᠠᠵᠥ ᠠᠬᠤᠢ ᠶᠢᠨ ᠬᠦᠭᠵᠢᠯᠳᠡ ᠳᠤ ᠲᠤᠯᠭᠠᠷᠠᠵᠤ ᠪᠠᠶᠢᠭ᠎ᠠ ᠪᠠᠶᠢᠳᠠᠯ ᠮᠦᠨ ᠬᠦ ᠬᠦᠨᠳᠤ ᠬᠡᠴᠡᠭᠦᠦ ᠡᠬᠡᠳᠡᠷᠡᠬᠡᠨ ᠪᠤᠳᠤᠯᠢᠶᠠᠨᠳᠠᠢ ᠪᠠᠶᠢᠵᠥ᠂ ᠠᠵᠥ ᠠᠬᠤᠢ ᠶᠢᠨ ᠤᠷᠤᠭᠤᠳᠠᠬᠤ ᠳᠠᠷᠤᠯᠳᠠ ᠮᠦᠨ ᠬᠦ ᠮᠠᠰᠢ ᠶᠡᠭᠡ ᠪᠠᠶᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠶᠡᠷᠤᠩᠭᠡᠢ ᠱᠦᠵᠢ ᠰᠢ ᠶᠢᠨ ᠫᠢᠩ ᠤᠨ ᠮᠠᠨ ᠤ ᠤᠷᠤᠨ ᠤ ᠴᠢᠨᠠᠷ ᠰᠠᠶᠢᠳᠠᠢ ᠬᠦᠭᠵᠢᠯᠳᠠ ᠶᠢᠨ ᠲᠤᠬᠠᠢ ᠲᠤᠷᠠᠳᠤᠬᠰᠡᠨ ᠴᠢᠬᠤᠯᠠ ᠱᠠᠭᠠᠷᠳᠠᠯᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠮᠵᠢ ᠪᠠᠨ ᠲᠡᠬᠦᠯᠳᠡᠷᠵᠢᠬᠦᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠲᠠᠷᠠᠭᠠᠴᠢ ᠶᠢᠨ ᠱᠠᠳᠤᠨ ᠤ ᠠᠵᠤ ᠠᠬᠤᠢ ᠶᠢᠨ ᠠᠵᠢᠯ ᠢ ᠨᠡᠩ ᠪᠦᠳᠦᠮᠵᠢᠳᠠᠢ ᠰᠠᠶᠢᠳᠤᠷ ᠬᠢᠬᠦ ᠭᠡᠷᠡᠭᠳᠠᠢ᠃ ᠪᠡᠯᠡ ᠤᠷᠤᠭᠤᠯᠤᠯᠳᠠ ᠶᠢ ᠳᠤᠭᠳᠠᠪᠤᠷᠢᠵᠢᠭᠤᠯᠬᠤ ᠶᠢ ᠨᠡᠮᠡᠭᠳᠡᠯ ᠢ ᠳᠤᠭᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠭᠠᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭᠳᠤ ᠲᠠᠷᠬᠠᠭᠠᠵᠤ ᠭᠡᠷᠡᠭᠯᠡᠬᠦ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠡᠮᠤᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠳᠤᠳᠠᠢ ᠪᠦᠭᠡᠳ ᠪᠦᠳᠦᠮᠵᠢᠳᠠᠢ ᠰᠠᠶᠢᠳᠤᠷ ᠬᠢᠵᠤ᠂ ᠤᠯᠤᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ ᠡᠯ᠎ᠡ ᠬᠦᠷᠢᠶᠠᠨ ᠤ ᠴᠢᠨᠠᠷ ᠰᠠᠶᠢᠳᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠡ ᠪᠠᠷ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠪᠦᠳᠦᠮᠵᠢᠳᠠᠢ ᠪᠡᠯᠡ ᠤᠷᠤᠭᠤᠯᠤᠯᠳᠠ ᠶᠢ ᠦᠷᠭᠡᠳᠭᠡᠬᠦ ᠭᠡᠷᠡᠭᠳᠠᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠬᠤᠳᠠᠯᠳᠤᠭ᠎ᠠ ᠡᠷᠬᠢᠯᠡᠬᠦ ᠤᠷᠴᠢᠨ ᠢ ᠬᠦᠴᠦᠯᠡᠨ ᠰᠢᠯᠢᠳᠡᠭᠵᠢᠬᠦᠯᠵᠤ᠂ ᠬᠤᠮᠠᠬᠢ ᠭᠤᠤᠯ ᠴᠤᠬᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠵᠤ᠂ ᠭᠡᠷᠡᠭᠯᠡᠭᠡ ᠶᠢ ᠵᠤᠷᠢᠬᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠡ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠳᠠᠯᠳᠠ ᠦᠷᠢ ᠦᠭᠴᠡᠭᠡ ᠶᠢ ᠠᠷᠢᠯᠭᠠᠬᠤ ᠪᠠ ᠮᠦᠡᠭᠭᠦᠨ ᠬᠦᠢᠯᠭᠡᠭᠡᠨ ᠤ ᠠᠶᠦᠯ ᠲᠦᠭᠰᠢᠬᠦᠷᠢ ᠶᠢ ᠰᠡᠷᠭᠡᠶᠢᠯᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠠᠵᠤ ᠠᠬᠤᠢ ᠶᠢᠨ ᠲᠤᠬᠳᠠᠭᠤᠨ ᠪᠦᠭᠡᠳ ᠡᠷᠡᠬᠦᠯ ᠡᠷᠬᠢᠯᠳᠠ ᠳᠤ ᠨᠦᠬᠦᠴᠡᠯ ᠡᠬᠦᠳᠬᠦ ᠭᠡᠷᠡᠭᠳᠠᠢ᠃ ᠰᠤᠷᠭᠠᠨ ᠬᠦᠮᠦᠵᠢᠯ᠂ ᠡᠮ ᠡᠮᠨᠡᠯᠭᠡ᠂ ᠨᠡᠶᠢᠭᠡᠮ ᠤᠨ ᠪᠠᠳᠤᠯᠠᠭ᠎ᠠ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ᠂ ᠤᠷᠤᠨ ᠰᠠᠭᠤᠴᠠ ᠵᠡᠷᠭᠡ ᠠᠷᠠᠳ ᠤᠨ ᠠᠮᠢᠳᠤᠷᠠᠯ ᠳᠤ ᠬᠤᠯᠪᠤᠬᠳᠠᠬᠰᠡᠨ ᠡᠯ᠎ᠡ ᠵᠦᠢᠯ ᠤᠨ ᠠᠵᠢᠯ ᠢ ᠨᠢᠭᠡᠳᠦᠯᠳᠠᠢ ᠲᠦᠯᠦᠪᠵᠢᠬᠦᠯᠤᠨ ᠰᠠᠶᠢᠳᠤᠷ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠯᠳᠠ ᠶᠢ ᠲᠤᠬᠳᠠᠪᠤᠷᠢᠵᠢᠭᠤᠯᠵᠤ᠂ ᠶᠡᠷᠤᠩᠭᠡᠶᠢᠯᠡᠭᠰᠡᠨ ᠠᠷᠭ᠎ᠠ ᠪᠤᠳᠤᠯᠭ᠎ᠠ ᠭᠡᠷᠡᠭᠵᠢᠬᠦᠯᠵᠤ ᠪᠠᠷᠠᠭᠠᠨ ᠤ ᠦᠨ᠎ᠡ ᠶᠢ ᠲᠤᠬᠳᠠᠪᠤᠷᠢᠵᠢᠭᠤᠯᠵᠤ᠂ ᠬᠦᠴᠢᠷᠳᠠᠯᠳᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠳᠤᠷ ᠪᠠᠳᠤᠯᠠᠵᠤ᠂ ᠨᠡᠶᠢᠭᠡᠮ ᠤᠨ ᠡᠶ᠎ᠡ ᠵᠤᠬᠢᠴᠠᠯ ᠲᠤᠬᠳᠠᠭᠤᠨ ᠢ ᠬᠠᠮᠠᠭᠠᠯᠠᠵᠤ᠂ ᠤᠯᠡᠨ ᠲᠦᠮᠡᠨ ᠤ ᠬᠦᠷᠳᠡᠮᠵᠢ ᠶᠢᠨ ᠲᠦᠷᠦᠭᠳᠡᠯ ᠵᠢᠷᠭᠠᠯᠳᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠨᠡᠮᠡᠭᠳᠡᠬᠦᠯᠬᠦ ᠭᠡᠷᠡᠭᠳᠠᠢ᠃ ᠤᠯᠤᠰ ᠤᠨ ᠬᠤᠷᠸ᠎ᠡ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠬᠦᠨᠵᠡᠭᠡᠢ ᠰᠤᠳᠤᠯᠭᠠᠨ ᠬᠢᠬᠦ ᠪᠠᠨ ᠴᠢᠩᠭᠠᠳᠬᠠᠵᠤ᠂ ᠪᠤᠳᠠᠳᠠᠢ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠪᠤᠳᠤᠯᠭ᠎ᠠ ᠪᠠᠨ ᠳᠤᠭᠳᠠᠭᠠᠨ ᠲᠡᠭᠦᠯᠳᠡᠷᠵᠢᠭᠦᠯᠵᠦ᠂ ᠪᠠᠷᠠᠭᠤᠨ ᠤᠷᠤᠨ ᠢ ᠶᠡᠭᠡ ᠪᠠᠷ ᠨᠡᠭᠡᠭᠡᠨ ᠬᠦᠭᠵᠢᠬᠦᠯᠬᠦ᠂ ᠵᠡᠬᠦᠨ ᠬᠤᠶᠢᠳᠤ ᠤᠷᠤᠨ ᠢ ᠬᠦᠭᠵᠢᠭᠦᠯᠦᠨ ᠮᠠᠨᠳᠤᠭᠤᠯᠬᠤ ᠵᠡᠷᠭᠡ ᠲᠦᠷᠦ ᠶᠢᠨ ᠪᠤᠳᠤᠯᠭ᠎ᠠ ᠶᠢᠨ ᠠᠵᠠ ᠳᠤᠬᠢᠶᠠᠯ ᠢ ᠡᠵᠡᠮᠳᠡᠨ ᠰᠠᠶᠢᠳᠤᠷ ᠭᠡᠷᠡᠭᠯᠡᠵᠤ᠂ ᠮᠠᠨ ᠤ ᠤᠷᠤᠨ ᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢᠨ ᠠᠬᠢᠴᠠ ᠶᠢ ᠲᠦᠷᠭᠡᠳᠭᠡᠨ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠬᠤᠷᠠᠯ ᠠᠴᠠ ᠪᠦᠬᠦ ᠤᠯᠤᠰ ᠤᠨ ᠬᠠᠷ᠎ᠡ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠤᠶᠠᠳᠤᠭᠠᠷ ᠤᠳᠠᠭᠠᠨ ᠤ ᠲᠦᠯᠬᠢᠨ ᠠᠬᠢᠭᠤᠯᠬᠤ ᠬᠤᠷᠠᠯ᠂ ᠪᠦᠬᠦ ᠤᠯᠤᠰ ᠤᠨ ᠺᠠᠳ᠋ᠷ ᠲᠤ ᠬᠢᠨᠠᠯᠳᠠ ᠲᠠᠯᠪᠢᠬᠤ ᠠᠵᠢᠯ ᠤᠨ ᠬᠤᠷᠠᠯ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠢ ᠬᠦᠨᠵᠡᠭᠡᠶᠢᠷᠠᠬᠦᠯᠤᠨ ᠦᠷᠭᠡᠳᠭᠡᠨ ᠪᠦᠳᠦᠭᠡᠨ ᠪᠠᠶᠢᠭᠤᠯᠬᠤ ᠲᠤᠷᠰᠢᠯᠳᠠ ᠶᠢᠨ ᠴᠡᠭ ᠤᠨ ᠠᠵᠢᠯ ᠤᠨ ᠲᠧᠯᠸᠢᠰ ᠤᠳᠠᠰᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠡᠬᠦᠨ ᠤᠷᠤᠨ ᠤ ᠦᠭᠡᠷᠡᠴᠢᠯᠡᠯᠳᠠ ᠬᠢᠵᠤ ᠰᠢᠨ᠎ᠡ ᠶᠢ ᠡᠬᠦᠳᠬᠦ ᠶᠢ ᠲᠠᠮᠵᠢᠵᠤ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠲᠤᠬᠠᠢ ᠭᠡᠷᠡᠭᠵᠢᠬᠦᠯᠬᠦ ᠰᠠᠨᠠᠯ︾᠎ ᠢ ᠰᠤᠳᠤᠯᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号