ᠲᠦᠷᠦᠭᠦᠬᠡᠨ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠣᠨᠳᠠᠷᠠᠭᠠᠬᠤ ᠠᠪᠤᠷᠠᠨ ᠲᠤᠰᠠᠯᠠᠬᠤ ᠡᠩᠨᠡᠭᠡᠨ | ᠤ ᠬᠥᠮᠦᠰ ᠲᠤ ᠬᠠᠷᠠᠭᠠᠯᠵᠠᠯ ᠦᠵᠡᠭᠦᠯᠬᠦ ᠠᠵᠢᠯ ᠢ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ | ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠵᠤᠷᠰᠢᠯᠲᠤ ᠰᠣᠨᠢᠨ ᠮᠡᠳᠡᠭᠡ ᠨᠡᠶᠢᠳᠡᠯᠡᠬᠦ ᠬᠤᠷᠠᠯ | ᠬᠢᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠣᠨᠳᠠᠷᠠᠭᠠᠬᠤ | ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠬᠤ ᠪᠣᠷᠣ ᠲᠥᠰᠦᠯ︾ ᠢ ᠬᠢᠨᠠᠮᠠᠭᠠᠶ ᠲᠤᠭᠤᠰᠢᠯᠠᠭᠤᠯᠵᠤ᠂ ᠠᠵᠢᠯ | ᠮᠡᠷᠭᠡᠵᠢᠯ ᠤᠨ ᠢᠷᠠᠭᠤ ᠠᠯᠳᠠᠷᠲᠤ ᠰᠡᠳᠬᠢᠯᠭᠡ ᠶᠢ ᠴᠢᠩᠭᠠᠳᠬᠠᠨ᠂ ᠵᠣᠷᠢᠭᠵᠢᠭᠤᠯᠣᠯ ᠪᠤᠯᠭᠠᠬᠤ ᠪᠠ ᠡᠯ᠎ᠠ ᠲᠠᠯ᠎ᠠ ᠶᠢᠨ | ᠬᠦᠴᠦᠨ ᠢ ᠨᠢᠭᠲᠠᠷᠠᠭᠤᠯᠬᠤ ᠶᠢᠨ ᠲᠥᠯᠥᠭᠡ᠂ 2019 ᠤᠨ ᠤ 9 ᠳ᠋ᠦ᠋ᠭᠡᠷ ᠰᠠᠷ᠎ᠠ ᠶᠢᠨ 29 ᠤ ᠡᠳᠦᠷ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠤᠯᠤᠰ ᠤᠨ ᠶᠡᠷᠦᠩᠬᠡᠶᠢᠯᠡᠭᠰᠡᠨ | ᠴᠢᠨᠠᠷᠲᠠᠶ ᠭᠠᠯ ᠣᠨᠳᠠᠷᠠᠭᠠᠬᠤ ᠠᠪᠤᠷᠠᠨ ᠲᠤᠰᠠᠯᠠᠬᠤ ᠡᠩᠨᠡᠭᠡᠨ ᠤ ᠬᠥᠮᠦᠰ ᠲᠤ ᠬᠠᠷᠠᠭᠠᠯᠵᠠᠯ ᠦᠵᠡᠭᠦᠯᠬᠦ ᠠᠵᠢᠯ ᠢ | ᠰᠠᠶᠢᠲᠤᠷ ᠬᠢᠬᠦ ᠲᠣᠬᠠᠢ ᠬᠤᠯᠪᠣᠭᠳᠠᠯ ᠪᠦᠬᠦᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠵᠡᠷᠭᠡ 13 ᠶᠠᠮᠤᠨ | ᠵᠥᠪᠯᠡᠯ ᠤᠨ ︽ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠣᠨᠳᠠᠷᠠᠭᠠᠬᠤ ᠠᠪᠤᠷᠠᠨ ᠲᠤᠰᠠᠯᠠᠬᠤ ᠡᠩᠨᠡᠭᠡᠨ ᠤ | ᠬᠥᠮᠦᠰ ᠤᠨ ᠬᠤᠯᠪᠣᠭᠳᠠᠯ ᠪᠦᠬᠦᠢ ᠬᠠᠷᠠᠭᠠᠯᠵᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠨᠠᠷᠢᠨ | ᠬᠢᠨᠠᠮᠠᠭᠠᠶ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠬᠠᠮᠲᠤ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠡᠮ | ᠡᠮᠨᠡᠯᠭᠡ᠂ ᠣᠷᠣᠨ ᠰᠠᠭᠤᠴᠠ᠂ ᠠᠰᠠᠷᠠᠮᠵᠢ᠂ ᠭᠡᠷ ᠪᠦᠯᠢ ᠶᠢᠨ ᠬᠠᠷᠠᠭᠠᠯᠵᠠᠯ᠂ ᠵᠤᠭᠠᠴᠠᠯ ᠵᠡᠷᠭᠡ 7 ᠲᠠᠯ᠎ᠠ ᠪᠠᠷ | ᠪᠣᠳᠠᠳᠠᠢ ᠬᠠᠷᠠᠭᠠᠯᠵᠠᠯ ᠤᠨ ᠠᠷᠭ᠎ᠠ ᠬᠡᠮᠵᠢᠶ᠎ᠡ ᠳᠤᠷᠠᠳᠪᠠ︔ ᠬᠠᠷᠠᠭᠠᠯᠵᠠᠯ ᠬᠦᠷᠲᠡᠬᠦ ᠡᠲᠡᠭᠡᠳ ᠪᠣᠯ ᠪᠦᠬᠦ ᠣᠷᠣᠨ ᠤ | ᠡᠯ᠎ᠡ ᠱᠠᠲᠤᠨ ᠤ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠣᠨᠳᠠᠷᠠᠭᠠᠬᠤ ᠠᠪᠤᠷᠠᠨ ᠲᠤᠰᠠᠯᠠᠬᠤ ᠡᠩᠨᠡᠭᠡᠨ ᠤ | ᠠᠵᠢᠯ ᠤᠨ ᠪᠠᠶᠢᠷᠢᠨ ᠳᠤ ᠪᠠᠨ ᠪᠠᠶᠢᠬᠤ᠂ ᠠᠵᠢᠯ ᠠᠴᠠ ᠪᠠᠨ ᠰᠠᠯᠵᠤ ᠠᠮᠠᠷᠠᠭᠰᠠᠨ᠂ ᠠᠵᠢᠯ ᠠᠴᠠ ᠪᠠᠨ ᠪᠠᠭᠤᠵᠤ | ᠠᠮᠠᠷᠠᠭᠰᠠᠨ ᠬᠦᠮᠦᠰ ᠪᠠ ᠭᠠᠯ ᠣᠨᠳᠠᠷᠠᠭᠠᠬᠤ ᠠᠪᠤᠷᠠᠨ ᠲᠤᠰᠠᠯᠠᠬᠤ ᠵᠡᠮᠳᠡᠭ ᠬᠥᠮᠦᠰ ᠪᠣᠯᠤᠨ᠎ᠠ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠵᠠᠰᠠᠭ ᠤᠨ ᠣᠷᠳᠣᠨ ᠭᠠᠯ ᠣᠨᠳᠠᠷᠠᠭᠠᠬᠤ | ᠠᠪᠤᠷᠠᠨ ᠲᠤᠰᠠᠯᠠᠬᠤ ᠬᠥᠮᠦᠰ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠳᠤ ᠪᠠᠨ᠂ ᠭᠠᠯ | ᠣᠨᠳᠠᠷᠠᠭᠠᠬᠤ ᠠᠪᠤᠷᠠᠨ ᠲᠤᠰᠠᠯᠠᠬᠤ ᠠᠵᠢᠯᠲᠠᠨ ᠤ ᠡᠳᠦᠷᠵᠢᠨ ᠵᠢᠵᠢᠬᠦᠷᠯᠡᠬᠦ ᠪᠠᠷ ᠪᠡᠯᠡᠳᠬᠡᠬᠦ᠂ ᠠᠶᠤᠯ ᠲᠦᠭᠰᠢᠭᠦᠷᠢ | ᠶᠡᠬᠡᠳᠡᠢ᠂ ᠬᠤᠤᠷ ᠬᠥᠨᠥᠭᠡᠯ ᠶᠡᠬᠡᠳᠡᠢ ᠪᠠᠶᠢᠬᠤ ᠵᠡᠷᠬᠡ ᠠᠵᠢᠯ ᠤᠨ ᠣᠨᠴᠠᠯᠢᠭ ᠢ ᠭᠦᠶᠴᠡᠳ ᠪᠣᠳᠣᠯᠬᠢᠯᠠᠵᠤ᠂ ᠥᠨᠳᠥᠷ | ᠪᠠᠷᠢᠮᠵᠢᠶ᠎ᠠ ᠶᠢ ᠯᠠ ᠰᠣᠩᠭᠤᠬᠤ ᠵᠠᠷᠴᠢᠮ ᠢ ᠪᠠᠷᠢᠮᠲᠠᠯᠠᠨ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠱᠠᠲᠤ | ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠡᠷᠴᠢᠮ ᠢᠶᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠷᠢᠨ ᠨᠢᠮᠪᠠᠶ | ᠵᠣᠬᠢᠶᠠᠨ ᠪᠠᠶᠢᠭᠤᠯᠤᠨ ᠲᠣᠬᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠭᠦᠨᠵᠡᠭᠡᠶᠢᠷᠡᠭᠦᠯᠦᠨ᠂ | ᠲᠥᠷᠥ ᠶᠢᠨ ᠪᠣᠳᠣᠯᠭ᠎ᠠ ᠶᠢᠨ ᠠᠯᠪᠠᠨ ᠵᠠᠷ ᠢ ᠰᠠᠶᠢᠲᠤᠷ ᠵᠢᠯᠣᠭᠤᠳᠤᠨ᠂ ᠬᠠᠷᠠᠭᠠᠯᠵᠠᠯ ᠦᠵᠡᠭᠦᠯᠦᠨ ᠪᠠᠳᠣᠯᠠᠭ᠎ᠠ | ᠬᠠᠩᠭᠠᠬᠤ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠬᠦ ᠬᠡᠷᠡᠭᠲᠡᠶ᠃ ᠡᠭᠦᠨ ᠤ | ᠬᠠᠮᠲᠤ᠂ ᠭᠠᠯ ᠣᠨᠳᠠᠷᠠᠭᠠᠬᠤ ᠠᠪᠤᠷᠠᠨ ᠲᠤᠰᠠᠯᠠᠬᠤ ᠬᠥᠮᠦᠰ ᠲᠤ ᠬᠠᠷᠠᠭᠠᠯᠵᠠᠯ ᠦᠵᠡᠭᠦᠯᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ᠂ | ᠪᠠᠶᠢᠴᠠᠭᠠᠭᠰᠠᠨ ᠦᠷ᠎ᠡ ᠳ᠋ᠦᠩ ᠢᠶᠠᠨ ᠣᠷᠣᠨ ᠨᠤᠲᠤᠭ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ( ᠬᠤᠰᠢᠭᠤ | ᠰᠢᠶᠠᠨ ) ᠶᠢᠨ ᠰᠢᠯᠭᠠᠨ ᠦᠨᠡᠯᠡᠬᠦ ᠠᠭᠤᠯᠭ᠎ᠠ ᠳᠤ ᠣᠷᠣᠭᠤᠯᠵᠤ᠂ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ | ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠯ ᠣᠨᠳᠠᠷᠠᠭᠠᠬᠤ ᠠᠪᠤᠷᠠᠨ ᠲᠤᠰᠠᠯᠠᠬᠤ ᠬᠥᠮᠦᠰ | ᠲᠤ ᠬᠠᠷᠠᠭᠠᠯᠵᠠᠯ ᠦᠵᠡᠭᠦᠯᠬᠦ ᠠᠵᠢᠯ ᠤᠨ ᠳᠤᠮᠳᠠ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠡᠯ᠎ᠡ ᠱᠠᠲᠤᠨ | ᠤ ᠵᠠᠰᠠᠭ ᠤᠨ ᠣᠷᠳᠣᠨ ᠪᠣᠯᠤᠨ ᠡᠷᠬᠡ ᠴᠢᠳᠠᠪᠣᠷᠢᠳᠣ ᠰᠠᠯᠠᠭ᠎ᠠ ᠮᠥᠴᠢᠷ ᠤᠳ ᠬᠤᠷᠴᠠ ᠰᠡᠷᠭᠡᠭ ᠢᠶᠠᠷ ᠲᠠᠨᠢᠵᠤ᠂ | ᠰᠠᠨᠠᠭᠠᠴᠢᠯᠠᠭ᠎ᠠ ᠠᠴᠠ ᠪᠠᠨ ᠬᠢᠵᠦ᠂ ᠢᠳᠡᠪᠬᠢᠲᠡᠶ ᠪᠠᠷ ᠰᠢᠶᠳᠪᠦᠷᠢᠯᠡᠨ᠂ ᠭᠠᠯ ᠣᠨᠳᠠᠷᠠᠭᠠᠬᠤ ᠠᠪᠤᠷᠠᠨ ᠲᠤᠰᠠᠯᠠᠬᠤ | ᠠᠵᠢᠯᠲᠠᠨ ᠤ ᠪᠣᠳᠠᠲᠤ ᠠᠰᠠᠭᠤᠳᠠᠯ ᠪᠣᠯᠤᠨ ᠬᠦᠴᠢᠷᠳᠡᠯ ᠢ ᠰᠠᠶᠢᠲᠤᠷ ᠰᠢᠶᠳᠪᠦᠷᠢᠯᠡᠬᠦ ᠬᠡᠷᠡᠭᠲᠡᠶ ᠭᠡᠵᠡᠢ᠃ |