ᠯᠢ ᠵᠢᠢ ᠾᠧᠩ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠳᠡᠬᠡᠷ᠎ᠡ ᠴᠢᠬᠤᠯᠠᠴᠢᠯᠠᠬᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠪᠠᠶᠠᠷ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ ᠰᠢᠨ᠎ᠡ ᠴᠠᠬ ᠦᠶ᠎ᠡ ᠶᠢᠨ ᠦᠪᠦᠷ ᠮᠤᠩᠭᠤᠯ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ
ᠨᠡᠶᠢᠲᠡᠯᠡᠭᠰᠡᠨ ᠴᠠᠭ᠄
2019/10/21
     10 ᠰᠠᠷ᠎ᠠ ᠶᠢᠨ 18᠎ ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ 2019 ᠣᠨ ᠤ ᠠᠷᠪᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠦᠷᠨᠢᠬᠦᠯᠵᠥ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠬᠦ ᠶᠡᠭᠡ ᠬᠤᠷᠠᠯ᠂ ᠤᠯᠤᠰ ᠤᠨ ᠭᠠᠪᠢᠶᠠᠨ ᠳᠡᠮᠳᠡᠭ ᠪᠤᠯᠤᠨ ᠤᠯᠤᠰ ᠤᠨ ᠢᠷᠠᠭᠤ ᠠᠯᠳᠠᠷ ᠤᠨ ᠴᠤᠯᠠ ᠤᠯᠭᠤᠬᠤ ᠶᠤᠰᠤᠯᠠᠯ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠬᠦ ᠳᠠᠶᠢᠯᠠᠯᠭ᠎ᠠ ᠳᠡᠬᠡᠷᠡᠬᠢ ᠪᠠ ᠳᠦᠪ ᠤᠨ ᠤᠯᠤᠰ ᠳᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠠ ᠪᠡᠯᠬᠡᠯᠡᠬᠦ ᠠᠵᠢᠯᠯᠠᠭ᠎ᠠ ᠶᠢᠨ ᠳ᠋ᠦᠩᠨᠡᠯᠳᠡ ᠶᠢᠨ ᠮᠡᠳᠡᠬᠦᠯᠦᠯᠳᠡ ᠶᠢ ᠳᠤᠰᠬᠠᠶᠢᠯᠠᠨ ᠬᠦᠯᠢᠶᠡᠨ ᠠᠪᠴᠤ ᠰᠤᠨᠤᠰᠬᠤ ᠦᠶ᠎ᠡ ᠶᠢᠨ ᠴᠢᠬᠤᠯᠠ ᠶᠡᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠳᠤᠭᠤᠷᠢᠨ ᠳᠤ ᠰᠤᠳᠤᠯᠤᠨ ᠶᠠᠷᠢᠯᠴᠠᠵᠥ ᠰᠠᠨᠠᠯ ᠢᠶᠠᠨ ᠰᠤᠯᠢᠯᠴᠠᠵᠠᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠳᠦᠯᠦᠬᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠬᠠᠮᠳᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠥ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠪᠠᠶᠠᠷ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠬᠡᠬᠡᠵᠥ᠂ ᠪᠤᠤᠬᠢᠶ᠎ᠠ ᠳᠠᠮᠵᠢᠭᠤᠯᠤᠨ ᠳᠡᠮᠡᠴᠡᠵᠥ᠂ ᠰᠢᠨ᠎ᠡ ᠳᠡᠥᠬᠡᠨ ᠭᠠᠷᠤᠭ᠎ᠠ ᠳᠡᠭᠡᠷ᠎ᠠ ᠰᠢᠨ᠎ᠡ ᠴᠠᠬ ᠦᠶ᠎ᠡ ᠶᠢᠨ ᠦᠪᠦᠷ ᠮᠤᠩᠭᠤᠯ ᠤᠨ ᠬᠦᠭᠵᠢᠯᠳᠡ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ ᠡᠮᠤᠨ᠎ᠡ᠂ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠨᠠᠷ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠪᠠᠶᠠᠷ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠥ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠬᠦᠨᠵᠡᠬᠡᠢ ᠰᠠᠳᠬᠢᠨ ᠪᠤᠳᠤᠯᠬᠢᠯᠠᠵᠤ᠂ ᠤᠯᠤᠯᠳᠠ ᠳᠦᠷᠦᠭᠳᠡᠯ ᠢᠶᠠᠨ ᠨᠠᠷᠢᠨ ᠬᠢᠨᠠᠮᠠᠭᠠᠢ ᠲᠤᠭᠤᠷᠪᠢᠨ ᠪᠢᠴᠢᠪᠡ᠃ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠳᠡᠬᠡᠷ᠎ᠡ᠂ ᠪᠦ᠋ ᠰᠢᠶᠤᠤ ᠯᠢᠨ᠂ ᠯᠢ ᠰᠢᠦ ᠯᠢᠩ᠂ ᠯᠢᠨ ᠱᠤᠤ ᠴᠦᠨ᠂ ᠸᠠᠩ ᠯᠢ ᠰᠢᠶᠠ᠂ ᠮᠠ ᠰᠢᠤᠸᠠᠢ ᠵᠢᠶᠦ᠋ᠨ᠂ ᠯᠢᠦ ᠴᠢ ᠹᠠᠨ᠂ ᠪᠠᠢ ᠢᠥᠢ ᠭᠠᠩ᠂ ᠶᠠᠩ ᠸᠧᠢ ᠳ᠋ᠦᠩ᠂ ᠵᠠᠩ ᠱᠤᠤ ᠴᠦᠨ᠂ ᠨᠠᠰᠤᠨᠮᠦ᠋ᠩᠬᠡ᠂ ᠠᠢ ᠯᠢ ᠬᠤᠸᠠ᠂ ᠳ᠋ᠤᠸᠠᠨ ᡁᠢ ᠴᠢᠶᠠᠩ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠪᠤᠤ ᠭᠠᠩ᠂ ᠵᠧᠩ ᠬᠤᠩ ᠹᠠᠨ ᠦᠬᠡ ᠬᠡᠯᠡᠪᠡ᠃      ᠯᠢ ᠵᠢᠢ ᠾᠧᠩ᠂ ᠶᠡᠷᠤᠩᠭᠡᠢ ᠱᠦᠵᠢ ᠰᠢ ᠶᠢᠨ ᠫᠢᠩ ᠤᠨ ᠤᠯᠤᠰ ᠤᠨ ᠪᠠᠶᠠᠷ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠲᠤᠭᠤᠰᠢᠯᠠᠭᠤᠯᠬᠤ ᠨᠢ᠂ ᠪᠢᠳᠠᠨ ᠤ ︽ᠲᠦᠷᠪᠡᠨ ᠤᠬᠠᠮᠰᠠᠷ︾᠎ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠲᠦᠷᠪᠡᠨ ᠢᠳᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠠᠶᠠᠯᠡᠬᠦᠯᠵᠤ᠂ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠦᠷᠬᠦᠯᠵᠢᠯᠡᠨ ᠪᠦᠯᠬᠦᠮᠳᠡᠨ ᠲᠠᠮᠡᠴᠡᠵᠤ᠂ ᠰᠢᠨ᠎ᠡ ᠴᠠᠭ ᠦᠶ᠎ᠡ ᠶᠢᠨ ᠦᠪᠤᠷ ᠮᠤᠩᠭᠤᠯ ᠤᠨ ᠬᠦᠭᠵᠢᠯᠳᠠ ᠶᠢᠨ ᠰᠢᠨ᠎ᠡ ᠪᠠᠶᠢᠳᠠᠯ ᠢ ᠨᠡᠭᠡᠭᠡᠨ ᠡᠬᠦᠳᠬᠦ ᠳᠤ ᠲᠤᠶᠢᠯ ᠤᠨ ᠴᠢᠬᠤᠯᠠ ᠤᠯᠤᠰ ᠲᠦᠷᠦ ᠶᠢᠨ ᠠᠴᠢ ᠬᠤᠯᠪᠤᠬᠳᠠᠯ᠂ ᠤᠨᠤᠯ ᠤᠨ ᠠᠴᠢ ᠬᠤᠯᠪᠤᠬᠳᠠᠯ ᠪᠤᠯᠤᠨ ᠦᠢᠯᠡᠳᠦᠯᠭᠡ ᠶᠢᠨ ᠠᠴᠢ ᠬᠤᠯᠪᠤᠬᠳᠠᠯ ᠲᠠᠢ ᠶᠤᠮ᠃ ᠶᠡᠷᠤᠩᠭᠡᠢ ᠱᠦᠵᠢ ᠰᠢ ᠶᠢᠨ ᠫᠢᠩ ᠎ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢᠨ ᠮᠦᠨ ᠴᠢᠨᠠᠷ ᠪᠤᠯᠤᠨ ᠪᠠᠶᠠᠯᠢᠭ ᠠᠭᠤᠯᠤᠬᠳᠠᠬᠤᠨ ᠢ ᠬᠦᠨᠵᠡᠭᠡᠢ ᠤᠶᠢᠯᠠᠭᠠᠵᠤ᠂ ᠰᠢᠨ᠎ᠡ ᠲᠡᠤᠭᠡᠨ ᠠᠭᠤᠤ ᠦᠢᠯᠡᠰ ᠢ ᠡᠭᠦᠳᠦᠨ ᠪᠦᠲᠦᠭᠡᠵᠦ᠂ ᠰᠢᠨ᠎ᠡ ᠴᠠᠭ ᠦᠶ᠎ᠡ ᠶᠢᠨ ᠦᠪᠤᠷ ᠮᠤᠩᠭᠤᠯ ᠤᠨ ᠬᠦᠭᠵᠢᠯᠳᠠ ᠶᠢᠨ ᠰᠢᠨ᠎ᠡ ᠪᠠᠶᠢᠳᠠᠯ ᠢ ᠨᠡᠭᠡᠭᠡᠨ ᠡᠬᠦᠳᠬᠦ ᠳᠤ ᠡᠷᠭᠡᠪᠰᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠶᠢ ᠡᠷᠡᠰ ᠪᠠᠷᠢᠮᠳᠠᠯᠠᠵᠤ᠂ ᠡᠷᠬᠡᠪᠰᠢ ᠠᠷᠠᠳ ᠲᠦᠮᠡᠨ ᠤ ᠭᠤᠤᠯ ᠴᠤᠬᠴᠠ ᠶᠢᠨ ᠪᠠᠶᠢᠷᠢ ᠰᠠᠭᠤᠷᠢ ᠶᠢ ᠡᠷᠡᠰ ᠪᠠᠷᠢᠮᠳᠠᠯᠠᠵᠤ᠂ ᠡᠷᠬᠡᠪᠰᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠡᠷᠡᠰ ᠪᠠᠷᠢᠮᠳᠠᠯᠠᠬᠤ ᠬᠡᠷᠡᠭᠳᠠᠢ ᠭᠡᠬᠦ ᠶᠢ ᠭᠦᠨᠵᠡᠭᠡᠢ ᠲᠠᠨᠢᠵᠤ᠂ ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢ ᠪᠦᠳᠦᠭᠡᠨ ᠪᠠᠶᠢᠭᠤᠯᠬᠤ᠂ ᠠᠭᠤᠤ ᠶᠡᠭᠡ ᠲᠤᠮᠳᠠᠳᠤ ᠶᠢᠨ ᠵᠡᠬᠦᠳᠤ  ᠪᠠᠨ ᠬᠠᠮᠳᠤ ᠪᠠᠷ ᠲᠡᠷᠭᠡᠯᠰᠢᠬᠦᠯᠬᠦ ᠢᠳᠡᠭᠡᠯ ᠪᠠ ᠵᠤᠷᠢᠭ ᠢᠶᠠᠨ ᠦᠨᠡᠨ ᠬᠦ ᠴᠢᠩᠭᠠᠳᠬᠠᠬᠤ ᠭᠡᠷᠡᠭᠳᠠᠢ᠃ ᠰᠢᠨ᠎ᠡ ᠲᠤᠮᠳᠠᠳᠤ ᠤᠯᠤᠰ ᠪᠠᠶᠢᠭᠤᠯᠤᠬᠳᠠᠬᠰᠡᠨ 70 ᠵᠢᠯ ᠤᠨ ᠲᠤᠷᠰᠢᠬᠢ ᠠᠭᠤᠤ ᠶᠡᠭᠡ ᠦᠢᠯᠡᠳᠦᠯᠭᠡ ᠪᠠ ᠠᠭᠤᠤ ᠶᠡᠭᠡ ᠠᠮᠵᠢᠯᠳᠠ ᠶᠢ ᠬᠦᠨᠵᠡᠭᠡᠢ ᠤᠶᠢᠯᠠᠭᠠᠨ ᠮᠡᠳᠡᠷᠡᠵᠤ᠂ ᠡᠬᠦᠨ ᠎ ᠤ ᠲᠤᠮᠳᠠ ᠠᠴᠠ ᠢᠳᠡᠭᠡᠯ ᠪᠢᠰᠢᠷᠡᠯ ᠤᠨ ᠬᠦᠴᠦᠨ᠂ ᠤᠨᠤᠯ ᠤᠨ ᠬᠦᠴᠦᠨ ᠪᠤᠯᠤᠨ ᠤᠶᠤᠨ ᠰᠠᠨᠠᠭᠠᠨ ᠤ ᠬᠦᠴᠦᠨ ᠢ ᠲᠠᠰᠤᠷᠠᠯᠳᠠ ᠦᠭᠡᠢ ᠰᠢᠩᠭᠡᠭᠡᠵᠤ᠂ ᠤᠳᠤᠬᠢᠴᠢᠯᠠᠬᠰᠡᠨ ᠦᠪᠤᠷ ᠮᠤᠩᠭᠤᠯ ᠢ ᠪᠦᠳᠦᠭᠡᠨ ᠪᠠᠶᠢᠭᠤᠯᠬᠤ᠂ ᠤᠳᠤᠬᠢᠴᠢᠯᠠᠬᠰᠡᠨ ᠬᠦᠴᠦᠷᠭᠡᠭ ᠤᠯᠤᠰ ᠢ ᠪᠦᠳᠦᠭᠡᠨ ᠪᠠᠶᠢᠭᠤᠯᠬᠤ ᠡᠬᠦᠷᠭᠡᠳᠤ ᠪᠤᠳᠤᠯ ᠪᠠ ᠬᠠᠷᠢᠭᠤᠴᠠᠯᠭᠠᠳᠤ ᠰᠡᠳᠬᠢᠯᠭᠡ ᠪᠠᠨ ᠤᠯᠠᠮ ᠴᠢᠨᠠᠬᠰᠢᠳᠠ ᠬᠦᠭᠵᠢᠭᠡᠬᠦ ᠭᠡᠷᠡᠭᠳᠠᠢ ᠭᠡᠵᠤ ᠵᠢᠭᠠᠵᠤ ᠭᠠᠷᠭᠠᠪᠠ᠃      ᠯᠢ ᠵᠢᠢ ᠾᠧᠩ᠂ ᠶᠡᠷᠤᠩᠭᠡᠢ ᠱᠦᠵᠢ ᠰᠢ ᠶᠢᠨ ᠫᠢᠩ ᠤᠨ ᠤᠯᠤᠰ ᠤᠨ ᠪᠠᠶᠠᠷ ᠤᠨ ᠲᠤᠬᠠᠢ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠳᠤ᠂ ᠰᠤᠷᠤᠯᠴᠠᠬᠤᠢ ᠰᠡᠳᠬᠢᠬᠦᠢ ᠬᠢᠬᠦᠢ ᠶᠢᠨ ᠤᠶᠠᠯᠳᠤᠯ᠂ ᠮᠡᠳᠡᠬᠦᠢ ᠢᠳᠡᠭᠡᠬᠦᠢ ᠬᠢᠬᠦᠢ ᠶᠢᠨ ᠨᠢᠭᠡᠳᠦᠯ ᠢ ᠪᠠᠷᠢᠮᠳᠠᠯᠠᠵᠤ᠂ ᠦᠵᠡᠯ ᠰᠠᠨᠠᠭ᠎ᠠ ᠪᠠ ᠤᠨᠤᠯ ᠤᠨ ᠬᠦᠴᠦᠨ ᠢ ᠦᠢᠯᠡᠳᠦᠯᠭᠡ ᠶᠢᠨ ᠬᠦᠭᠵᠢᠯᠳᠠ ᠶᠢ ᠠᠬᠢᠭᠤᠯᠬᠤ ᠬᠦᠴᠦᠨ ᠪᠤᠯᠭᠠᠨ ᠬᠤᠪᠢᠷᠠᠭᠤᠯᠵᠤ᠂ ᠢᠮᠠᠬᠳᠠ ᠠᠵᠢᠯ ᠬᠢᠵᠤ ᠦᠢᠯᠡᠰ ᠪᠤᠰᠬᠠᠬᠤ᠂ ᠬᠠᠷᠢᠭᠤᠴᠠᠯᠭ᠎ᠠ ᠡᠬᠦᠷᠭᠡᠯᠡᠵᠤ ᠵᠢᠳᠬᠦᠯ ᠴᠢᠷᠮᠠᠶᠢᠯᠭ᠎ᠠ ᠭᠠᠷᠭᠠᠬᠤ ᠴᠤᠭ ᠰᠦᠯᠳᠠ ᠪᠠᠨ ᠪᠠᠳᠤᠯᠠᠵᠤ᠂ ᠬᠦᠨᠳᠤ ᠡᠬᠦᠷᠭᠡ ᠶᠢ ᠮᠠᠳᠠᠵᠤ ᠬᠦᠨᠳᠤ ᠡᠬᠦᠷᠭᠡ ᠶᠢ ᠡᠬᠦᠷᠭᠡᠯᠡᠵᠤ᠂ ᠬᠠᠳᠠᠭᠤᠵᠢᠯᠳᠠᠢ ᠠᠵᠢᠯᠯᠠᠵᠤ ᠪᠤᠳᠠᠳᠠᠢ ᠠᠵᠢᠯᠯᠠᠬᠤ ᠭᠡᠷᠡᠭᠳᠠᠢ᠃ ᠤᠷᠤᠨ ᠤ ᠪᠠᠶᠢᠳᠠᠯ ᠤᠨ ᠲᠤᠬᠠᠢ ᠲᠠᠨᠢᠯᠳᠠ ᠪᠠ ᠡᠵᠡᠮᠳᠡᠯ ᠢᠶᠠᠨ ᠤᠯᠠᠮ ᠴᠢᠨᠠᠬᠰᠢᠳᠠ ᠬᠦᠨᠵᠡᠭᠡᠶᠢᠷᠠᠬᠦᠯᠵᠤ᠂ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠲᠤᠬᠠᠢ ᠰᠤᠳᠤᠯᠭᠠᠨ ᠪᠠ ᠲᠦᠯᠦᠪᠵᠢᠬᠦᠯᠭᠡ ᠪᠠᠨ ᠤᠯᠠᠮ ᠴᠢᠨᠠᠬᠰᠢᠳᠠ ᠰᠠᠶᠢᠳᠤᠷ ᠬᠢᠵᠤ᠂ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠤᠨ ᠤᠷᠤᠬᠰᠢᠯᠠᠨ ᠲᠠᠪᠰᠢᠬᠤ ᠵᠤᠷᠢᠭ ᠰᠠᠨᠠᠭ᠎ᠠ ᠪᠠ ᠲᠠᠮᠠᠴᠡᠯ ᠤᠨ ᠵᠤᠷᠢᠭ ᠰᠠᠨᠠᠭ᠎ᠠ ᠶᠢ ᠤᠯᠠᠮ ᠴᠢᠨᠠᠬᠰᠢᠳᠠ ᠬᠦᠭᠵᠢᠭᠡᠵᠤ᠂ ᠦᠭᠡᠷᠡᠴᠢᠯᠡᠯᠳᠠ ᠬᠦᠭᠵᠢᠯᠳᠠ ᠲᠤᠬᠳᠠᠭᠤᠨ ᠤ ᠡᠯ᠎ᠡ ᠵᠦᠢᠯ ᠤᠨ ᠠᠵᠢᠯ ᠢ ᠨᠡᠩ ᠪᠦᠳᠦᠮᠵᠢᠳᠠᠢ ᠰᠠᠶᠢᠳᠤᠷ ᠬᠢᠵᠤ᠂ ᠨᠠᠮ ᠤᠨ ᠲᠦᠪ ᠬᠤᠷᠢᠶ᠎ᠡ ᠪᠤᠯᠤᠨ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠳᠤ ᠬᠢᠷᠢ ᠲᠡᠩᠴᠡᠭᠰᠡᠨ ᠴᠠᠭ ᠦᠶ᠎ᠡ ᠶᠢᠨ ᠬᠠᠷᠢᠭᠤᠯᠳᠠ ᠶᠢᠨ ᠬᠠᠭᠤᠳᠠᠰᠤ ᠶᠢ ᠲᠤᠰᠢᠶᠠᠬᠤ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号