2019 ᠣᠨ ᠤ ᠲᠡᠯᠡᠭᠡᠢ ᠶᠢᠨ ᠠᠮᠤ ᠪᠤᠳᠠᠭᠠᠨ ᠤ ᠡᠳᠦᠷ ᠬᠢᠬᠡᠳ ᠪᠦᠬᠦ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠲᠤ ᠲᠤᠬᠢᠶᠠᠯᠳᠤᠭᠤᠯᠤᠨ ᠮᠠᠨ ᠤ ᠤᠷᠤᠨ 10 ᠰᠠᠷ᠎ᠠ ᠶᠢᠨ 15 ᠤ | ᠡᠳᠦᠷ ᠬᠦᠬᠡᠬᠤᠳᠠ ᠶᠢᠨ ᠠᠷᠳᠠᠢ ᠠᠭᠤᠳᠠᠮ ᠲᠠᠯᠠᠪᠠᠢ ᠳᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | 2019 ᠣᠨ ᠤ ᠲᠡᠯᠡᠭᠡᠢ ᠶᠢᠨ ᠠᠮᠤ ᠪᠤᠳᠠᠭᠠᠨ ᠤ ᠡᠳᠦᠷ ᠤᠨ ᠭᠤᠤᠯ ᠰᠡᠳᠦᠪ ᠪᠤᠯ ︽ᠪᠤᠳᠠᠳᠤ | ᠠᠵᠢᠯᠯᠠᠭ᠎ᠠ ᠪᠠᠷ ᠢᠶᠠᠨ ᠢᠷᠡᠭᠡᠳᠦᠢ ᠪᠠᠨ ᠴᠤᠭᠴᠠᠯᠠᠵᠤ ᠡᠷᠡᠭᠦᠯᠵᠢᠯ ᠢᠳᠡᠭᠡᠨ ᠢ ᠬᠦᠮᠦᠨ ᠪᠦᠬᠦᠨ ᠳᠤ ᠡᠳ᠋ᠯᠡᠭᠦᠯᠬᠦ︾ | ᠪᠤᠯᠤᠨ᠎ᠠ᠃ ᠳᠤᠰ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠨᠢ ᠡᠨᠡ ᠬᠦ ᠭᠤᠤᠯ ᠰᠡᠳᠦᠪ ᠤᠨ ᠳᠤᠭᠤᠷᠢᠨ ᠳᠤ | ᠠᠮᠤ ᠪᠤᠳᠠᠭᠠᠨ ᠤ ᠬᠠᠮᠢᠶᠠᠳᠠᠢ ᠤᠯᠠᠨ ᠠᠭᠤᠯᠭ᠎ᠠ ᠶᠢ ᠬᠠᠮᠤᠷᠤᠭᠰᠠᠨ ᠤᠬᠠᠭᠤᠯᠭ᠎ᠠ ᠶᠢᠨ ᠭᠠᠷ ᠲᠡᠪᠳᠡᠷ | ᠲᠠᠷᠬᠠᠭᠠᠵᠠᠢ᠃ | ᠮᠠᠨ ᠤ ᠤᠷᠤᠨ ︽ᠴᠢᠨᠠᠷ ᠰᠠᠶᠢᠳᠠᠢ ᠠᠮᠤ ᠪᠤᠳᠠᠭᠠᠨ ᠤ ᠢᠨᠵᠧᠨᠧᠷᠢᠩ︾ ᠢ ᠬᠡᠷᠡᠭᠵᠢᠭᠦᠯᠬᠦ ᠪᠠᠷ ᠲᠠᠮᠵᠢᠨ᠂ ︽ | ᠲᠤᠮᠳᠠᠳᠤ ᠤᠯᠤᠰ ᠤᠨ ᠴᠢᠨᠠᠷ ᠰᠠᠶᠢᠳᠠᠢ ᠠᠮᠤ ᠲᠤᠰᠤ︾ ᠶᠢᠨ ᠦᠪᠦᠷ ᠮᠤᠩᠭᠤᠯ ᠤᠨ ᠠᠵᠢᠯᠯᠠᠭ᠎ᠠ ᠶᠢ ᠦᠷᠨᠢᠭᠦᠯᠵᠦ᠂ | ᠤᠷᠤᠨ ᠪᠦᠰᠡ ᠶᠢᠨ ᠠᠮᠤ ᠲᠤᠰᠤᠨ ᠤ ᠪᠠᠷᠢᠮᠵᠢᠶ᠎ᠠ ᠶᠢ ᠲᠦᠷᠭᠡᠨ ᠲᠤᠭᠳᠠᠭᠠᠵᠤ᠂ ᠠᠮᠤ ᠲᠤᠰᠤᠨ ᠤ ᠶᠠᠰᠤ ᠴᠢᠨᠠᠷ ᠢ | ᠪᠠᠶᠢᠴᠠᠭᠠᠬᠤ ᠰᠢᠰᠲ᠋ᠧᠮ ᠤᠨ ᠪᠠᠶᠢᠭᠤᠯᠤᠯᠳᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠠ ᠪᠠᠷ ᠲᠠᠮᠵᠢᠨ᠂ | ᠪᠤᠬᠢᠷᠳᠤᠯ ᠦᠭᠡᠢ ᠴᠢᠨᠠᠷ ᠰᠠᠶᠢᠳᠠᠢ ᠠᠮᠤ ᠲᠤᠰᠤ ᠦᠢᠯᠡᠳᠪᠦᠷᠢᠯᠡᠬᠦ ᠡᠳ᠋ᠰᠢᠭᠦᠯᠦᠨ ᠪᠤᠯᠪᠠᠰᠤᠷᠠᠭᠤᠯᠬᠤ ᠶᠢ | ᠪᠦᠳᠦᠮᠵᠢᠳᠡᠢ ᠠᠬᠢᠭᠤᠯᠵᠤ ᠪᠤᠢ᠃ ᠪᠦᠬᠦ ᠤᠷᠤᠨ ᠤ ᠠᠮᠤ ᠲᠤᠰᠤᠨ ᠤ ᠠᠵᠢᠯ ᠲᠦᠷᠦᠯ ᠨᠢ 7 ᠲᠤᠮᠳᠠᠳᠤ ᠤᠯᠤᠰ | ᠤᠨ ᠠᠯᠳᠠᠷᠳᠤ ᠲᠠᠸᠠᠷ ᠤᠨ ᠲᠡᠮᠳᠡᠭ ᠲᠠᠢ ᠪᠤᠯᠵᠤ᠂ ᠤᠯᠤᠰ ᠤᠨ ᠠᠮᠤ ᠪᠤᠳᠠᠭ᠎ᠠ ᠪᠠ ᠡᠳ᠋ ᠪᠤᠳᠠᠰ ᠨᠦᠭᠡᠴᠡᠯᠡᠬᠦ | ᠲᠤᠪᠴᠢᠶ᠎ᠠ ᠶᠢᠨ ᠠᠩᠬᠠᠳᠠᠭᠴᠢ ᠪᠦᠯᠦᠭ ᠨᠤᠳᠠᠯᠠᠨ ᠲᠤᠭᠳᠠᠭᠠᠭᠰᠠᠨ 8 ︽ᠲᠤᠮᠳᠠᠳᠤ ᠤᠯᠤᠰ ᠤᠨ ᠴᠢᠨᠠᠷ ᠰᠠᠶᠢᠳᠠᠢ | ᠠᠮᠤ ᠲᠤᠰᠤ︾ ᠶᠢᠨ ᠲᠦᠷᠦᠯ ᠵᠦᠢᠯ ᠲᠠᠢ ᠪᠤᠯᠵᠠᠢ᠃ | ᠮᠠᠨ ᠤ ᠤᠷᠤᠨ ᠪᠦᠬᠦ ᠤᠯᠤᠰ ᠤᠨ 13 ᠠᠮᠤ ᠪᠤᠳᠠᠭᠠᠨ ᠤ ᠭᠤᠤᠯ ᠭᠠᠷᠤᠯᠳᠠ ᠶᠢᠨ ᠮᠤᠵᠢ ᠤᠷᠤᠨ ᠪᠠ 6 | ᠠᠮᠤ ᠪᠤᠳᠠᠭᠠᠨ ᠤ ᠴᠡᠪᠡᠷ ᠭᠠᠷᠭᠠᠯᠳᠠ ᠶᠢᠨ ᠮᠤᠵᠢ ᠤᠷᠤᠨ ᠤ ᠨᠢᠭᠡ ᠪᠤᠯᠤᠭᠰᠠᠨ ᠤ ᠬᠤᠪᠢ ᠳᠤ ᠵᠢᠯ ᠪᠤᠯᠭᠠᠨ | ᠤᠯᠤᠰ ᠲᠤ 200 ᠳ᠋ᠦᠩᠰᠢᠭᠤᠷ ᠵᠢᠩ ᠠᠴᠠ ᠲᠡᠭᠡᠭᠰᠢ ᠲᠠᠸᠠᠷ ᠤᠨ ᠠᠮᠤ ᠬᠠᠩᠭᠠᠵᠤ᠂ ᠠᠮᠤ ᠪᠤᠳᠠᠭᠠᠨ ᠤ | ᠨᠦᠭᠡᠴᠡᠯᠡᠯᠳᠡ ᠶᠢᠨ ᠴᠢᠳᠠᠪᠤᠷᠢ ᠶᠡᠭᠡ ᠪᠠᠷ ᠲᠡᠭᠡᠭᠰᠢᠯᠡᠵᠦ᠂ ᠠᠮᠤ ᠪᠤᠳᠠᠭᠠᠨ ᠤ ᠠᠵᠤ ᠦᠢᠯᠡᠰ ᠤᠨ ᠡᠳ᠋ᠰᠢᠭᠦᠯᠦᠨ | ᠪᠤᠯᠪᠠᠰᠤᠷᠠᠭᠤᠯᠬᠤ ᠭᠦᠢᠯᠭᠡᠭᠡᠨ ᠤ ᠴᠢᠳᠠᠪᠤᠷᠢ ᠪᠠ ᠠᠵᠤ ᠦᠢᠯᠡᠰ ᠤᠨ ᠬᠡᠯᠬᠢᠶ᠎ᠠ ᠶᠢᠨ ᠬᠦᠭᠵᠢᠯᠳᠡ ᠶᠢᠨ ᠲᠦᠪᠰᠢᠨ | ᠲᠠᠰᠤᠷᠠᠯᠳᠠ ᠦᠭᠡᠢ ᠲᠡᠭᠡᠭᠰᠢᠯᠡᠵᠡᠢ᠃ ᠤᠢᠢᠷ᠎ᠠ ᠶᠢᠨ ᠵᠢᠯ ᠳᠤ ᠪᠦᠬᠦ ᠤᠷᠤᠨ ᠤ ᠠᠮᠤ ᠪᠤᠳᠠᠭᠠᠨ ᠤ ᠶᠡᠷᠦᠩᠬᠡᠶᠢᠯᠡᠭᠰᠡᠨ | ᠦᠢᠯᠠᠳᠪᠦᠷᠢᠯᠡᠯ ᠤᠨ ᠴᠢᠳᠠᠪᠤᠷᠢ 550 ᠳ᠋ᠦᠩᠰᠢᠭᠤᠷ ᠵᠢᠩ ᠤᠷᠴᠢᠮ ᠳᠤ ᠲᠤᠭᠳᠠᠪᠤᠷᠢᠵᠢᠵᠤ᠂ ᠤᠨᠴᠠᠭᠠᠢᠢᠯᠠᠨ | 2018 ᠣᠨ ᠳᠤ ᠠᠮᠤ ᠪᠤᠳᠠᠭᠠᠨ ᠤ ᠭᠠᠷᠤᠯᠳᠠ ᠠᠩᠬ᠎ᠠ ᠤᠳᠠᠭ᠎ᠠ 700 ᠳ᠋ᠦᠩᠰᠢᠭᠤᠷ ᠵᠢᠩ ᠤᠨ ᠪᠤᠭᠤᠮᠳᠠ ᠶᠢ | ᠰᠢᠪᠳᠤᠯᠵᠤ᠂ ᠲᠡᠦᠭᠡ ᠶᠢᠨ ᠲᠡᠮᠳᠡᠭᠯᠡᠯ ᠢ ᠰᠢᠨᠡᠳᠭᠡᠵᠡᠢ᠃ |