10 ᠰᠠᠷ᠎ᠠ ᠶᠢᠨ 20 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠳᠡᠰ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠬᠠᠮᠳᠤᠷᠠᠨ | ᠭᠤᠤᠯᠯᠠᠨ ᠡᠷᠬᠢᠯᠡᠭᠰᠡᠨ ︽ᠵᠢᠷᠤᠬᠡᠨ ᠠᠴᠠ ᠤᠶᠠᠭᠠᠳᠠᠢ ᠨᠤᠳᠤᠬ ᠮᠢᠨᠢ︾ — 2019 ᠦᠪᠤᠷ ᠮᠤᠩᠭᠤᠯ ᠤᠨ | ᠰᠤᠶᠤᠯ ᠤᠳᠬ᠎ᠠ ᠤᠷᠠᠯᠢᠬ ᠤᠨ ᠴᠢᠳᠠᠪᠤᠷᠢᠳᠠᠨ ᠤ ᠪᠡᠬᠡᠵᠢᠩ ᠳᠠᠬᠢ ᠶᠠᠷᠢᠯᠴᠠᠭᠠᠨ ᠤ ᠬᠤᠷᠠᠯ ᠪᠡᠬᠡᠵᠢᠩ ᠳᠤ | ᠦᠪᠡᠳᠡᠭᠰᠢ ᠶᠡᠭᠡ ᠪᠠᠷ ᠶᠠᠪᠤᠬᠳᠠᠪᠠ᠃ | ᠷᠧᠨ ᠶᠠ ᠫᠢᠩ᠂ ᠮᠠᠯᠴᠢᠨᠬᠦᠤ ᠵᠡᠷᠬᠡ 8 ᠤᠯᠤᠰ ᠤᠨ ᠳᠤᠳᠤᠭᠠᠳᠤ ᠶᠢᠨ᠂ ᠦᠪᠡᠷᠳᠡᠬᠡᠨ ᠵᠠᠰᠠᠬᠤ ᠤᠷᠤᠨ ᠤ | ᠨᠡᠷ᠎ᠠ ᠬᠦᠨᠳᠤᠳᠠᠢ᠂ ᠠᠯᠳᠠᠷ ᠴᠤᠤᠳᠠᠢ ᠰᠤᠶᠤᠯ ᠤᠳᠬ᠎ᠠ ᠤᠷᠠᠯᠢᠬ ᠤᠨ ᠠᠵᠢᠯ ᠤᠨ ᠤᠳᠤᠷᠢᠳᠤᠯᠭ᠎ᠠ᠂ ᠲᠤᠰᠬᠠᠢ | ᠮᠡᠷᠬᠡᠵᠢᠯᠳᠠᠨ ᠪᠤᠯᠤᠨ ᠡᠷᠳᠡᠮᠳᠡᠨ ︽ᠦᠪᠤᠷ ᠮᠤᠩᠭᠤᠯ ᠤᠨ ᠰᠤᠶᠤᠯ ᠤᠳᠬ᠎ᠠ ᠤᠷᠠᠯᠢᠬ ᠤᠨ ᠠᠵᠢᠯ ᠤᠨ ᠲᠤᠰᠬᠠᠢ | ᠮᠡᠷᠬᠡᠵᠢᠯᠳᠠᠨ ᠤ ᠵᠦᠪᠯᠡᠯ︾ ᠤᠨ ᠬᠡᠰᠢᠬᠦᠨ ᠢᠶᠠᠷ ᠤᠷᠢᠬᠳᠠᠵᠤ᠂ ᠦᠪᠤᠷ ᠮᠤᠩᠭᠤᠯ ᠤᠨ ᠰᠤᠶᠤᠯ ᠤᠳᠬ᠎ᠠ ᠤᠷᠠᠯᠢᠬ | ᠤᠨ ᠤᠢᠢᠯᠡᠰ ᠤᠨ ᠬᠦᠭᠵᠢᠯᠳᠠ ᠳᠤ ᠠᠷᠭ᠎ᠠ ᠪᠤᠳᠤᠯᠭ᠎ᠠ ᠭᠠᠷᠭᠠᠬᠤ ᠪᠤᠯᠤᠨ᠎ᠠ᠃ ᠦᠪᠤᠷ ᠮᠤᠩᠭᠤᠯ ᠤᠨ ᠺᠢᠨᠣ᠋ ᠶᠢᠨ | ᠪᠦᠯᠦᠭᠯᠡᠯ ᠤᠨ ᠬᠢᠨ ᠪᠡᠬᠡᠵᠢᠩ ᠤᠨ ᠬᠤᠸᠠ ᠯᠦ ᠪᠠᠢ ᠨᠠ ᠺᠢᠨᠣ᠋ ᠲᠧᠯᠸᠢᠰ ᠤᠨ ᠺᠤᠮᠫᠠᠨᠢ᠂ ᠪᠡᠬᠡᠵᠢᠩ ᠤᠨ ᠪᠦᠸᠧ ᠨᠠ | ᠺᠢᠨᠣ᠋ ᠲᠧᠯᠸᠢᠰ ᠤᠨ ᠺᠤᠮᠫᠠᠨᠢ ᠲᠠᠢ ᠲᠤᠰ ᠲᠤᠰ ᠲᠧᠯᠸᠢᠰ ᠵᠦᠴᠤᠬᠡ ︽ᠬᠦᠪᠴᠢ︾᠂ ᠺᠢᠨᠣ᠋ ︽ᠠᠷᠠᠳ ᠲᠦᠮᠡᠨ ᠤ | ᠬᠠᠶᠢᠷ᠎ᠠ ᠰᠡᠳᠬᠢᠯᠬᠡ︾ ᠶᠢᠨ ᠬᠠᠮᠳᠤᠷᠠᠯᠴᠠᠭᠠᠨ ᠤ ᠵᠦᠪᠯᠡᠯᠴᠡᠬᠡᠷ ᠲᠤᠬᠢᠷᠠᠯᠴᠠᠪᠠ᠃ ᠯᠠ ᠫᠸᠢ ᠺᠠᠩ᠂ ᠤᠯᠠᠯᠵᠢ᠂ | ᠰᠡᠴᠠᠩᠭᠤᠸᠠ᠂ ᠪᠠᠭᠠᠳᠤᠷ᠂ ᠤᠯᠠᠭᠠᠨᠳᠤᠶᠠᠭ᠎ᠠ ᠵᠡᠷᠬᠡ ᠲᠦᠯᠤᠬᠡᠯᠡᠭᠴᠢ ᠭᠤᠤᠯ ᠰᠡᠳᠤᠪ ᠤᠨ ᠳᠤᠭᠤᠷᠢᠨ ᠳᠤ | ᠶᠠᠷᠢᠯᠴᠠᠵᠠᠢ᠃ | ᠬᠤᠷᠠᠯ ᠳᠤ ᠤᠷᠤᠯᠴᠠᠬᠰᠠᠳ 2019 ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠳᠬ᠎ᠠ | ᠤᠷᠠᠯᠢᠬ ᠤᠨ ᠪᠦᠳᠤᠬᠡᠯ ᠤᠨ ᠦᠵᠡᠬᠦᠯᠬᠡ ᠶᠢ ᠲᠤᠭᠤᠷᠢᠨ ᠦᠵᠡᠵᠤ᠂ ᠦᠪᠤᠷ ᠮᠤᠩᠭᠤᠯ ᠤᠨ ᠰᠤᠶᠤᠯ ᠤᠳᠬ᠎ᠠ | ᠤᠷᠠᠯᠢᠬ ᠤᠨ ᠴᠢᠳᠠᠪᠤᠷᠢᠳᠠᠨ ᠤ ᠲᠤᠭᠯᠠᠯᠳᠠ ᠶᠢ ᠰᠤᠨᠢᠷᠬᠠᠪᠠ᠃ ᠬᠤᠷᠠᠯ ᠲᠡᠬᠡᠷ᠎ᠠ ᠪᠠᠰᠠ ᠲᠤᠰᠬᠠᠢ ᠰᠡᠳᠤᠪ ᠢᠶᠠᠷ ︽ | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠴᠢᠬᠤᠯᠠ ᠶᠡᠭᠡ ᠭᠤᠤᠯ ᠰᠡᠳᠤᠪᠳᠤ ᠤᠳᠬ᠎ᠠ ᠤᠷᠠᠯᠢᠬ ᠤᠨ | ᠰᠢᠯᠢᠳᠡᠭ ᠪᠦᠳᠤᠬᠡᠯ ᠢ ᠡᠬᠦᠳᠤᠨ ᠪᠦᠳᠤᠬᠡᠬᠦ ᠵᠢᠯᠤᠭᠤᠳᠬᠤ ᠰᠠᠨᠠᠯ︾ ᠢ ᠨᠡᠶᠢᠳᠠᠯᠠᠵᠤ᠂ ᠲᠦᠷᠤᠬᠦᠤ ᠪᠦᠯᠦᠭ ᠤᠨ | ᠡᠬᠦᠳᠤᠨ ᠪᠦᠳᠤᠬᠡᠬᠦ ᠲᠦᠷᠤᠯ ᠵᠦᠢᠯ ᠢ ᠴᠤᠬᠯᠠᠭᠤᠯᠵᠤ᠂ ᠰᠤᠩᠭᠤᠵᠤ᠂ ᠬᠢᠨᠠᠨ ᠰᠢᠯᠭᠠᠷᠠᠭᠤᠯᠪᠠ᠃ | ᠤᠯᠤᠰ ᠤᠨ ᠬᠤᠯᠪᠤᠬᠳᠠᠯ ᠪᠦᠬᠦᠢ ᠰᠤᠶᠤᠯ ᠤᠨ ᠪᠠᠶᠢᠭᠤᠯᠭ᠎ᠠ ᠪᠤᠯᠤᠨ ᠠᠵᠤ ᠠᠬᠤᠢᠢᠯᠠᠯ ᠤᠨ | ᠤᠳᠤᠷᠢᠳᠤᠯᠭ᠎ᠠ᠂ ᠪᠡᠬᠡᠵᠢᠩ ᠳᠤ ᠰᠠᠭᠤᠭ᠎ᠠ ᠦᠪᠤᠷ ᠮᠤᠩᠭᠤᠯ ᠨᠤᠳᠤᠬ ᠲᠠᠢ ᠰᠤᠶᠤᠯ ᠤᠳᠬ᠎ᠠ ᠤᠷᠠᠯᠢᠬ ᠤᠨ | ᠴᠢᠳᠠᠪᠤᠷᠢᠳᠠᠨ᠂ ᠪᠡᠬᠡᠵᠢᠩ᠂ ᠱᠠᠩᠬᠠᠢ᠂ ᠭᠤᠸᠠᠩᠳᠦ᠋ᠩ ︵ᠱᠧᠨᠵᠧᠨ︶᠂ ᠵᠧᠵᠢᠶᠠᠩ ᠵᠡᠷᠬᠡ ᠭᠠᠵᠠᠷ ᠲᠤ ᠠᠵᠢᠯᠯᠠᠵᠤ | ᠠᠮᠢᠳᠤᠷᠠᠵᠤ ᠪᠠᠶᠢᠭ᠎ᠠ ᠦᠪᠤᠷ ᠮᠤᠩᠭᠤᠯ ᠨᠤᠳᠤᠬ ᠲᠠᠢ ᠰᠤᠶᠤᠯ ᠤᠷᠠᠯᠢᠬ ᠤᠨ ᠴᠢᠳᠠᠪᠤᠷᠢᠳᠠᠨ ᠵᠢᠴᠢ ᠦᠪᠡᠷᠳᠡᠬᠡᠨ | ᠵᠠᠰᠠᠬᠤ ᠤᠷᠤᠨ ᠤ ᠬᠤᠯᠪᠣᠭᠳᠠᠯ ᠪᠦᠬᠦᠢ ᠨᠢᠬᠡᠴᠢ ᠶᠢᠨ ᠬᠠᠷᠢᠭᠤᠴᠠᠯᠭᠠᠳᠠᠨ ᠨᠦᠬᠦᠳ 200 ᠤᠷᠴᠢᠮ ᠬᠦᠮᠤᠨ | ᠬᠤᠷᠠᠯ ᠳᠤ ᠤᠷᠤᠯᠴᠠᠪᠠ᠃ |