ᠯᠢ ᠵᠢᠶ ᠾᠧᠩ ᠳᠤᠮᠳᠠᠳᠤ ᠤᠯᠤᠰ ᠤᠨ ᠳᠣᠷᠣᠨᠠᠳᠤ ᠶᠢᠨ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠎ ᠶᠢᠨ ᠬᠡᠷᠡᠭ ᠮᠡᠳᠡᠭᠴᠢᠳ ᠤᠨ ᠳᠠᠷᠤᠭ᠎ᠠ ᠽᠧᠤ ᠯᠧᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2019/10/22
     10 ᠰᠠᠷ᠎ᠠ ᠶᠢᠨ 21᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠾᠧᠩ ᠬᠥᠬᠡᠬᠤᠲᠠ ᠳᠤ ᠳᠤᠮᠳᠠᠳᠤ ᠤᠯᠤᠰ ᠤᠨ ᠳᠣᠷᠣᠨᠠᠳᠤ ᠶᠢᠨ ᠴᠠᠬᠢᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠽᠧᠤ ᠯᠧᠢ ᠨᠠᠷ ᠲᠠᠢ ᠠᠭᠤᠯᠵᠠᠪᠠ᠃      ᠯᠢ ᠵᠢᠶ ᠾᠧᠩ ᠽᠸᠤ ᠯᠸᠢ ᠨᠠᠷ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠ ᠬᠠᠮᠢᠶ᠎ᠠ ᠪᠦᠬᠦᠢ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠨ ᠶᠠᠷᠢᠯᠴᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠳᠤ ᠡᠨᠧᠷᠭᠢ ᠶᠢᠨ ᠡᠬᠢ ᠪᠠᠶᠠᠯᠢᠭ ᠡᠯᠪᠡᠭ ᠪᠠᠶᠢᠭ᠎ᠠ ᠶᠤᠮ᠂ ᠪᠢᠳᠡ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠣᠯᠠᠨ ᠡᠰᠢᠵᠢᠨ ᠬᠦᠭᠵᠢᠬᠦ ᠶᠢ ᠭᠦᠨᠵᠡᠭᠡᠶ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠢᠳᠡᠪᠬᠢᠲᠡᠢ ᠬᠠᠶᠢᠨ ᠰᠦᠪᠡᠭᠴᠢᠯᠡᠵᠦ ᠪᠠᠶᠢᠨ᠎ᠠ᠃ ᠳᠣᠷᠣᠨᠠᠳᠤ ᠶᠢᠨ ᠴᠠᠬᠢᠯᠭᠠᠨ ᠤ ᠪᠦᠯᠦᠭᠯᠡᠯ ᠤᠨ ᠬᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠰᠤᠳᠤᠯᠤᠨ ᠨᠡᠭᠡᠭᠡᠬᠦ᠂ ᠣᠶᠤᠨᠴᠢ ᠦᠢᠯᠡᠳᠬᠦ ᠦᠢᠯᠡᠰ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠯᠤᠭ᠎ᠠ ᠎ ᠶᠢᠨ ᠭᠦᠨᠵᠡᠭᠡᠶ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠠᠨ ᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠢᠳᠡᠪᠬᠢᠲᠡᠢ ᠵᠣᠯᠭᠠᠭᠤᠯᠵᠤ᠂ ᠰᠠᠶᠢᠲᠤᠷ ᠦᠢᠯᠡᠴᠢᠯᠡᠵᠦ᠂ ᠲᠥᠷᠥᠯ ᠵᠦᠢᠯ ᠤᠨ ᠬᠠᠮᠲᠤᠷᠠᠯᠴᠠᠭ᠎ᠠ ᠪᠣᠯᠤᠨ ᠠᠵᠤ ᠠᠬᠤᠢᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠤᠷᠴᠢᠨ ᠨᠦᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠶ ᠬᠡᠪᠡ᠃      ᠽᠸᠤ ᠯᠸᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠣᠷᠣᠨᠠᠳᠤ ᠶᠢᠨ ᠴᠠᠬᠢᠯᠭᠠᠨ ᠤ ᠪᠦᠯᠦᠭᠯᠡᠯ ᠳᠤ ᠦᠵᠡᠭᠦᠯᠦᠭᠰᠡᠨ ᠬᠦᠴᠦᠲᠡᠶ ᠳᠡᠮᠵᠢᠯᠭᠡ ᠳᠤ ᠲᠠᠯᠠᠷᠬᠠᠬᠤ ᠶᠢᠨ ᠬᠠᠮᠲᠤ ᠳᠣᠷᠣᠨᠠᠳᠤ ᠶᠢᠨ ᠴᠠᠬᠢᠯᠭᠠᠨ ᠤ ᠪᠦᠯᠦᠭᠯᠡᠯ ᠤᠨ ᠬᠥᠭᠵᠢᠯᠲᠡ ᠵᠢᠴᠢ ᠥᠪᠥᠷ ᠮᠣᠩᠭᠤᠯ ᠯᠤᠭ᠎ᠠ ᠶᠢᠨ ᠰᠠᠶᠢᠨ ᠰᠠᠶᠢᠬᠠᠨ ᠬᠠᠮᠲᠤᠷᠠᠯᠴᠠᠭᠠᠨ ᠎ ᠤ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠪᠣᠯ ᠮᠠᠨ ᠤ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠮᠥᠨ᠂ ᠳᠣᠷᠣᠨᠠᠳᠤ ᠶᠢᠨ ᠴᠠᠬᠢᠯᠭᠠᠨ ᠤ ᠪᠦᠯᠦᠭᠯᠡᠯ ᠳᠤᠷᠠᠲᠠᠶ᠎ᠠ ᠰᠠᠯᠬᠢᠨ ᠬᠦᠴᠦᠨ ᠤ ᠴᠠᠬᠢᠯᠭᠠᠨ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤᠲᠥ᠋ᠷᠥᠭᠴᠢ ᠡᠨᠧᠷᠭᠢ ᠵᠢᠴᠢ ᠡᠨᠧᠷᠭᠢ ᠶᠢ ᠶᠡᠷᠦᠩᠬᠡᠶᠢᠯᠡᠨ ᠠᠰᠢᠬᠯᠠᠬᠤ ᠲᠠᠯ᠎ᠠ ᠪᠠᠷ ᠥᠪᠥᠷ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ ᠭᠡᠵᠦ ᠬᠡᠯᠡᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠮᠠ ᠰᠢᠤᠸᠠᠢ ᠵᠢᠶᠦ᠋ᠨ᠂ ᠵᠠᠩ ᠱᠣᠣ ᠴᠦᠨ ᠠᠭᠤᠯᠵᠠᠯᠲᠠ ᠳᠤ ᠣᠷᠣᠯᠴᠠᠵᠠᠶ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号