ᠪᠦᠬᠦ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠵᠢᠯ ᠢ ᠠᠬᠢᠭᠤᠯᠬᠤ ᠸᠢᠳᠢᠣ᠋ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2019/10/22
       ᠯᠢᠨ ᠱᠤᠤ ᠴᠦᠨ ᠮᠠ ᠰᠢᠤᠸᠠᠢ ᠵᠢᠶᠦ᠋ᠨ ᠯᠢᠦ ᠴᠢ ᠹᠠᠨ ᠶᠠᠩ ᠸᠧᠢ ᠳ᠋ᠦᠩ ᠶᠠᠩ ᠽᠦᠩ ᠷᠧᠨ                        ᠯᠢ ᠴᠢ ᠯᠢᠨ ᠶᠠᠷᠢᠶ᠎ᠠ ᠲᠠᠯᠪᠢᠵᠠᠢ      10 ᠰᠠᠷ᠎ᠠ ᠶᠢᠨ 21᠎ ᠤ ᠦᠳᠡ ᠶᠢᠨ ᠡᠮᠤᠨ᠎ᠡ᠂ ᠪᠦᠬᠦ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠵᠢᠯ ᠢ ᠠᠬᠢᠭᠤᠯᠬᠤ ᠸᠢᠳᠢᠣ᠋ ᠬᠤᠷᠠᠯ ᠬᠤᠷᠠᠯᠳᠤᠵᠥ᠂ ᠪᠦᠬᠦ ᠤᠯᠤᠰ ᠤᠨ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠤᠨ ᠬᠤᠶᠠᠳᠤᠭᠠᠷ ᠤᠳᠠᠭ᠎ᠠ ᠶᠢᠨ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠥ᠂ ᠪᠦᠬᠦ ᠤᠷᠤᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠤᠨ ᠳᠤᠷᠰᠢᠯᠭ᠎ᠠ ᠶᠢ ᠳ᠋ᠦᠩᠨᠡᠨ ᠰᠤᠯᠢᠯᠴᠠᠬᠤ ᠶᠢᠨ ᠳᠠᠭᠠᠤ ᠤᠳᠤᠬᠠᠨ ᠤ ᠪᠠᠶᠢᠳᠠᠯ ᠢ ᠵᠠᠳᠠᠯᠵᠥ᠂ ᠳᠠᠷᠠᠭᠠᠴᠢ ᠶᠢᠨ ᠠᠯᠬᠤᠮ ᠤᠨ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠤᠤ ᠴᠦᠨ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠠᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠎ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠤᠸᠠᠢ ᠵᠢᠶᠦ᠋ᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠯᠢᠦ ᠴᠢ ᠹᠠᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠶᠠᠩ ᠸᠧᠢ ᠳ᠋ᠦᠩ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠬᠡ ᠶᠢᠨ ᠰᠢᠬᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠡᠬᠡᠷ᠎ᠡ ᠶᠠᠷᠢᠶ᠎ᠠ ᠳᠠᠯᠪᠢᠬᠰᠠᠨ ᠪᠦᠬᠡᠳ ᠠᠵᠢᠯ ᠢ ᠪᠠᠶᠢᠷᠢᠯᠠᠭᠤᠯᠪᠠ᠃      ᠡᠯ᠎ᠡ ᠰᠠᠯᠠᠭ᠎ᠠ ᠮᠦᠴᠢᠷ ᠨᠢᠬᠡᠴᠢ ᠶᠢᠨ ᠬᠢᠨ ᠤ ᠶᠡᠷᠢᠶ᠎ᠠ ᠶᠢ ᠨᠠᠷᠢᠨ ᠬᠢᠨᠠᠮᠠᠭᠠᠢ ᠰᠤᠨᠤᠰᠤᠬᠰᠠᠨ ᠤ ᠳᠠᠷᠠᠭ᠎ᠠ᠂ ᠯᠢᠨ ᠱᠤᠤ ᠴᠦᠨ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠨᠠᠷᠢᠨ ᠬᠢᠨᠠᠮᠠᠭᠠᠢ ᠰᠠᠶᠢᠳᠤᠷ ᠠᠳᠬᠤᠬᠤ ᠬᠡᠷᠡᠭᠳᠡᠢ᠃ ᠤᠳᠤᠬᠠᠨ ᠳᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠳᠤᠰᠬᠠᠢ ᠳᠡᠮᠡᠴᠡᠯ ᠨᠢᠬᠡᠨᠳᠡ ︽ᠳᠦᠪᠡᠭᠳᠡᠢ ᠠᠰᠠᠭᠤᠳᠠᠯ︾᠎ ᠢ ᠰᠢᠢᠳᠪᠦᠷᠢᠯᠡᠬᠦ᠂ ᠳᠦᠭᠰᠢᠬᠦᠷᠢ ᠶᠢ ᠳᠤᠭᠤᠯᠵᠤ ᠪᠤᠭᠤᠮᠳᠠ ᠰᠢᠪᠳᠤᠯᠬᠤ ᠰᠢᠪᠳᠤᠯᠤᠯᠳᠠ ᠶᠢᠨ ᠱᠠᠳᠤᠨ ᠳᠠᠭᠠᠨ ᠤᠷᠤᠪᠠ᠃ ᠡᠯ᠎ᠡ ᠭᠠᠵᠠᠷ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠢ ᠲᠡᠮᠡᠴᠡᠯ ᠤᠨ ᠲᠡᠤᠭᠡᠨ ᠪᠠᠶᠢᠷᠢ ᠲᠤᠬᠳᠠᠭᠠᠯᠳᠠ᠂ ᠪᠠᠶᠢᠯᠳᠤᠬᠤ ᠪᠤᠳᠤᠯᠭ᠎ᠠ ᠶᠢᠨ ᠠᠴᠢ ᠬᠤᠯᠪᠤᠬᠳᠠᠯ᠂ ᠭᠤᠤᠯᠳᠠᠯᠭ᠎ᠠ ᠲᠠᠢ ᠴᠢᠭᠯᠡᠯ᠂ ᠦᠨᠳᠦᠰᠦᠨ ᠠᠴᠠ ᠨᠢ ᠵᠠᠰᠠᠬᠤ ᠠᠷᠭ᠎ᠠ ᠪᠤᠳᠤᠯᠭ᠎ᠠ᠂ ᠦᠨᠳᠦᠰᠦᠨ ᠪᠠᠳᠤᠯᠠᠭ᠎ᠠ ᠶᠢ ᠬᠦᠨᠵᠡᠭᠡᠢ ᠲᠠᠨᠢᠵᠤ᠂ 3 ᠵᠢᠯ ᠤᠨ ᠬᠤᠭᠤᠴᠠᠭ᠎ᠠ ᠪᠦᠬᠦᠢ ᠠᠵᠢᠯ ᠤᠨ ᠬᠠᠷᠠᠯᠳᠠ ᠲᠠᠢ ᠨᠢᠬᠳᠠ ᠤᠶᠠᠯᠳᠤᠭᠤᠯᠵᠤ᠂ ᠲᠡᠮᠡᠴᠡᠯ ᠤᠨ ᠦᠵᠡᠯ ᠰᠠᠨᠠᠭ᠎ᠠ ᠶᠢ ᠨᠢᠭᠡᠳᠭᠡᠵᠤ᠂ ᠲᠡᠮᠡᠴᠡᠯ ᠤᠨ ᠴᠢᠭᠯᠡᠯ ᠢ ᠲᠤᠳᠤᠷᠬᠠᠢᠢᠯᠠᠵᠤ᠂ ᠲᠤᠰᠬᠠᠢ ᠲᠡᠮᠡᠴᠡᠯ ᠎ ᠤᠨ ᠲᠠᠰᠤᠷᠠᠯᠳᠠ ᠦᠭᠡᠢ ᠰᠢᠨ᠎ᠡ ᠰᠢᠪᠳᠤᠯᠤᠯᠳᠠ ᠭᠠᠷᠭᠠᠬᠤ ᠶᠢ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃      ᠯᠢᠨ ᠱᠤᠤ ᠴᠦᠨ᠂ ᠡᠯ᠎ᠡ ᠭᠠᠵᠠᠷ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠬᠠᠷ᠎ᠡ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠦᠷ᠎ᠡ ᠪᠦᠳᠦᠮᠵᠢ ᠪᠤᠯᠤᠨ ᠲᠤᠷᠰᠢᠯᠭ᠎ᠠ ᠶᠢ ᠬᠦᠨᠵᠡᠭᠡᠢ ᠳ᠋ᠦᠡᠭᠨᠡᠵᠤ᠂ ᠤᠷᠤᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠡ ᠪᠠᠷ ᠲᠤᠬᠳᠠᠭᠤᠨ ᠪᠦᠭᠡᠳ ᠪᠤᠰᠤᠳᠴᠢ ᠪᠠᠷ ᠦᠵᠡᠵᠤ᠂ ᠴᠢᠭᠯᠡᠬᠦᠯᠦᠯᠳᠤ ᠴᠢᠨᠠᠷᠳᠠᠢ ᠠᠷᠭ᠎ᠠ ᠬᠡᠮᠵᠢᠶ᠎ᠡ ᠠᠪᠴᠤ᠂ ᠲᠦᠷᠭᠡᠨ ᠰᠢᠢᠳᠪᠦᠷᠢᠯᠡᠵᠦ᠂ ᠲᠤᠰᠬᠠᠢ ᠲᠡᠮᠡᠴᠡᠯ ᠤᠨ ᠨᠡᠩ ᠶᠡᠭᠡ ᠦᠷ᠎ᠡ ᠪᠦᠳᠦᠮᠵᠢ ᠤᠯᠬᠤ ᠶᠢ ᠠᠬᠢᠭᠤᠯᠬᠤ ᠭᠡᠷᠡᠭᠳᠠᠢ᠃ ᠲᠤᠰᠬᠠᠢ ᠲᠡᠮᠡᠴᠡᠯ ᠤᠨ ᠱᠠᠳᠤᠴᠢ ᠴᠢᠨᠠᠷᠳᠠᠢ ᠤᠨᠴᠠᠯᠢᠭ ᠢ ᠬᠦᠨᠵᠡᠭᠡᠢ ᠡᠵᠡᠮᠳᠡᠵᠤ᠂ ᠬᠦᠨᠵᠡᠭᠡᠢ ᠠᠭᠤᠳᠠᠯᠵᠤ ᠴᠡᠭᠴᠡᠯᠡᠨ ᠵᠠᠰᠠᠬᠤ ᠬᠠᠷᠠᠯᠳᠠ ᠶᠢᠨ ᠲᠤᠭᠤᠷᠢᠨ ᠳᠤ᠂ ᠪᠤᠭᠤᠮᠳᠠ ᠰᠢᠪᠳᠤᠯᠬᠤ ᠴᠢᠳᠠᠪᠤᠷᠢ ᠶᠢ ᠲᠡᠭᠡᠭᠰᠢᠯᠡᠬᠦᠯᠬᠦ ᠠᠴᠠ ᠭᠠᠷᠳᠠᠵᠤ᠂ ᠭᠤᠤᠯᠳᠠᠯᠭ᠎ᠠ ᠲᠠᠢ ᠭᠠᠵᠠᠷ ᠤᠷᠤᠨ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠᠷ ᠰᠢᠪᠳᠤᠯᠤᠯᠳᠠ ᠶᠢᠨ ᠴᠡᠭ ᠪᠤᠯᠭᠠᠵᠤ᠂ ᠬᠠᠷ᠎ᠡ ᠪᠦᠯᠦᠭᠳᠡᠨ ᠬᠠᠷᠬᠢᠰ ᠬᠦᠴᠤᠨ ᠳᠤ ᠬᠤᠯᠪᠤᠬᠳᠠᠬᠰᠡᠨ ᠲᠤᠮᠤ ᠭᠡᠷᠡᠭ ᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ︽ᠬᠠᠮᠠᠭᠠᠯᠠᠬᠴᠢ ᠰᠢᠬᠦᠷ︾᠂ ︽ᠬᠠᠷᠢᠴᠠᠭᠠᠨ ᠤ ᠲᠤᠤᠷ︾᠎ ᠢ ᠲᠠᠯᠪᠢᠯ ᠦᠭᠡᠢ ᠴᠢᠩᠭ᠎ᠠ ᠠᠳᠬᠤᠵᠤ᠂ ᠬᠠᠷ᠎ᠡ ᠪᠦᠯᠦᠭᠳᠡᠨ ᠬᠠᠷᠬᠢᠰ ᠬᠦᠴᠦᠨ ᠤ ᠠᠵᠤ ᠠᠬᠤᠢ ᠶᠢᠨ ᠰᠠᠭᠤᠷᠢ ᠶᠢ ᠲᠠᠯᠪᠢᠯ ᠦᠭᠡᠢ ᠴᠢᠩᠭ᠎ᠠ ᠠᠩᠬᠠᠷᠴᠤ᠂ ᠬᠠᠤᠯᠢ ᠶᠤᠰᠤᠭᠠᠷ ᠴᠢᠩᠭ᠎ᠠ ᠰᠢᠳᠭᠡᠬᠦ ᠲᠠᠯ᠎ᠡ ᠪᠠᠷ ᠰᠢᠪᠳᠤᠯᠤᠯᠳᠠ ᠭᠠᠷᠭᠠᠵᠤ᠂ ᠡᠳ᠋ ᠮᠦᠡᠭᠭᠦᠨ ᠤ ᠢᠷᠠᠯᠳᠠ ᠶᠢ ᠨᠢ ᠲᠠᠰᠤᠯᠬᠤ ᠲᠠᠯ᠎ᠡ ᠪᠠᠷ ᠦᠷ᠎ᠡ ᠪᠦᠳᠦᠮᠵᠢ ᠭᠠᠷᠭᠠᠬᠤ ᠶᠢ ᠠᠳᠬᠤᠵᠤ᠂ ᠬᠠᠮᠠᠭᠠᠯᠠᠬᠴᠢ ᠰᠢᠬᠦᠷ ᠬᠠᠷᠢᠴᠠᠭᠠᠨ ᠤ ᠲᠤᠤᠷ ᠢ ᠡᠪᠳᠡᠬᠦ ᠲᠠᠯ᠎ᠡ ᠪᠠᠷ ᠲᠠᠬᠢᠨ ᠲᠠᠷᠤᠯᠳᠠ ᠦᠭᠴᠤ᠂ ᠶᠡᠷᠤᠩᠭᠡᠶᠢᠯᠡᠭᠰᠡᠨ ᠵᠠᠰᠠᠯᠳᠠ ᠶᠢᠨ ᠲᠠᠯ᠎ᠡ ᠪᠠᠷ ᠲᠠᠬᠢᠨ ᠬᠦᠴᠦᠯᠠᠵᠤ᠂ ᠤᠷᠳᠤ ᠬᠤᠭᠤᠴᠠᠭᠠᠨ ᠤ ᠪᠦᠳᠦᠮᠵᠢᠳᠠᠢ ᠪᠠᠶᠢᠡᠭᠭᠤ ᠶᠢᠨ ᠵᠠᠰᠠᠯᠳᠠ ᠶᠢᠨ ᠲᠠᠯ᠎ᠡ ᠪᠠᠷ ᠬᠦᠴᠤ ᠤᠷᠤᠭᠤᠯᠵᠤ᠂ ᠱᠠᠯᠠᠪᠳᠠᠭᠤᠯᠤᠨ ᠵᠢᠯᠤᠭᠤᠳᠴᠤ ᠴᠡᠭᠴᠡᠯᠡᠡ ᠵᠠᠰᠠᠬᠤ ᠲᠠᠯ᠎ᠡ ᠪᠠᠷ ᠪᠤᠳᠠᠳᠤ ᠦᠷ᠎ᠡ ᠪᠦᠳᠦᠮᠵᠢ ᠤᠯᠵᠤ᠂ ᠨᠡᠩ ᠪᠦᠳᠦᠮᠵᠢᠳᠠᠢ ᠠᠷᠭ᠎ᠠ ᠪᠤᠳᠤᠯᠭ᠎ᠠ ᠪᠤᠯᠤᠨ ᠠᠷᠭ᠎ᠠ ᠬᠡᠮᠵᠢᠶ᠎ᠡ ᠪᠠᠷ ᠲᠤᠰᠬᠠᠢ ᠲᠡᠮᠡᠴᠡᠯ ᠤᠨ ᠬᠦᠨᠵᠡᠭᠡᠶᠢᠷᠡᠨ ᠬᠦᠭᠵᠢᠬᠦ ᠶᠢ ᠠᠬᠢᠭᠤᠯᠵᠤ᠂ ᠬᠦᠨᠵᠡᠭᠡᠶᠢᠷᠡᠬᠦᠯᠤᠨ ᠨᠡᠪᠳᠡᠷᠡᠬᠦᠯᠵᠤ᠂ ᠬᠠᠷ᠎ᠡ ᠪᠦᠯᠦᠭᠳᠡᠨ ᠬᠠᠷᠬᠢᠰ ᠬᠦᠴᠦᠨ ᠢ ᠬᠤᠭ ᠦᠭᠡᠢ ᠠᠷᠢᠯᠭᠠᠬᠤ ᠶᠢ ᠦᠨᠡᠨ ᠬᠦ ᠪᠠᠳᠤᠯᠠᠵᠤ᠂ ᠡᠭᠡ ᠤᠯᠤᠰ ᠤᠨ ᠤᠮᠠᠷᠠᠳᠤ ᠶᠢᠨ ᠠᠮᠤᠷ ᠲᠤᠬᠳᠠᠭᠤᠨ ᠤ ᠬᠠᠯᠬᠠᠪᠴᠢ ᠶᠢ ᠪᠠᠳᠤ ᠴᠤᠬᠴᠠᠯᠬᠠᠤ ᠳᠤ ᠬᠦᠴᠦᠨ ᠴᠢᠳᠠᠯ ᠢᠶᠠᠨ ᠡᠷᠬᠦᠭᠦ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号