ᠡᠨᠡ ᠵᠢᠯ ᠤᠨ ᠡᠴᠦᠰ ᠪᠣᠯᠳᠠᠯ᠎ᠠ᠂ ᠥᠪᠥᠷ ᠮᠣᠩᠭᠤᠯ ᠦᠯᠡᠳᠡᠵᠤ ᠪᠠᠶᠢᠭ᠎ᠠ ᠤᠯᠤᠰ ᠤᠨ ᠲᠡᠰ ᠤᠨ ᠶᠠᠳᠠᠭᠤ | ᠬᠦᠴᠢᠷᠳᠡᠯᠲᠡᠶ 20 ᠬᠤᠰᠢᠭᠤ ᠰᠢᠶᠠᠨ ᠢ ᠪᠦᠬᠦᠨ ᠢ ᠶᠠᠳᠠᠭᠤ ᠠᠴᠠ ᠠᠩᠬᠢᠵᠢᠷᠠᠭᠤᠯᠵᠣ᠂ ᠪᠥᠬᠦ ᠣᠷᠣᠨ ᠤ 57 | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠪᠠᠷ ᠲᠥᠯᠥᠪᠯᠡᠵᠦ | ᠪᠣᠶ᠃ | 2019 ᠣᠨ ᠳᠤ ᠪᠦᠬᠦ ᠣᠷᠣᠨ ᠤ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠲᠥᠪ᠂ ᠥᠪᠡᠷᠲᠡᠭᠡᠨ | ᠵᠠᠰᠠᠬᠤ ᠣᠷᠣᠨ ᠬᠤᠶᠠᠷ ᠱᠠᠲᠤᠨ ᠤ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢ 70.05 ᠳ᠋ᠦᠩᠰᠢᠭᠤᠷ | ᠲᠥᠭᠦᠷᠢᠭ ᠲᠤᠬᠢᠷᠠᠭᠤᠯᠪᠠ᠃ ᠡᠭᠦᠨ ᠳᠤ ᠲᠥᠪ ᠠᠴᠠ 25.18 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ | ᠣᠷᠣᠨ ᠠᠴᠠ 44.87 ᠳ᠋ᠦᠩᠰᠢᠭᠤᠷ ᠲᠥᠭᠦᠷᠢᠭ ᠢ ᠲᠣᠬᠢᠷᠠᠭᠤᠯᠵᠣ᠂ ᠲᠣᠰ ᠪᠦᠷᠢ 5% ᠪᠠ 7% ᠪᠠᠷ | ᠨᠡᠮᠡᠭᠳᠡᠵᠦ᠂ ᠣᠳᠣ ᠪᠣᠯᠬᠤ ᠳᠤ ᠡᠳᠡᠭᠡᠷ ᠪᠠᠯᠠ ᠮᠥᠩᠭᠦ ᠶᠢ ᠨᠢᠭᠡᠨᠲᠡ ᠪᠦᠬᠦᠨ ᠢ ᠪᠣᠳᠠᠲᠠᠶᠢᠵᠢᠭᠤᠯᠪᠠ᠃ ᠡᠨᠡ ᠵᠢᠯ᠂ | ᠥᠪᠥᠷ ᠮᠣᠩᠭᠤᠯ ᠤᠨ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠴᠥᠮ 1 ᠨᠡᠷ᠎ᠡ ᠲᠢᠩᠬᠢᠮ ᠤᠨ | ᠳᠡᠰ ᠤᠨ ᠺᠠᠳ᠋ᠷ ᠢᠶᠠᠷ ᠳᠠᠭᠠᠭᠤᠯᠤᠨ ᠵᠢᠯᠣᠳᠣᠭᠤᠯᠣᠭᠰᠠᠨ ᠠᠵᠢᠯᠯᠠᠬᠤ ᠶᠡᠷᠦᠩᠬᠡᠶ ᠠᠩᠭᠢ ᠶᠢ ᠲᠣᠮᠢᠯᠠᠨ ᠰᠠᠭᠤᠯᠭᠠᠵᠤ᠂ | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠣᠨᠳᠣᠤ ᠭᠠᠵᠠᠷ | ᠨᠡᠭᠦᠯᠭᠡᠨ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠡᠷᠭᠡ ᠲᠤᠶᠢᠯ ᠤᠨ | ᠣᠨᠣᠪᠴᠢᠳᠠᠢ ᠪᠠᠷ ᠶᠠᠳᠠᠭᠤ ᠶᠢ ᠲᠡᠳᠬᠦᠬᠦ ᠠᠵᠢᠯ ᠢ ᠬᠢᠨᠠᠨ ᠵᠢᠯᠤᠭᠤᠳᠤᠭᠤᠯᠪᠠ᠃ ᠡᠭᠦᠨ ᠤ ᠬᠠᠮᠲᠤ᠂ ᠪᠡᠭᠡᠵᠢᠩ | ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠦᠷᠬᠡᠵᠢᠨ ᠬᠦᠨᠵᠡᠭᠡᠶᠢᠷᠡᠵᠤ᠂ 2018 ᠣᠨ ᠠᠴᠠ | ᠤᠳᠤ ᠪᠣᠯᠲᠠᠯ᠎ᠠ᠂ ᠪᠡᠭᠡᠵᠢᠩ ᠬᠤᠲᠠ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ ᠪᠠᠨ ᠲᠤᠰᠠᠯᠠᠮᠵᠢ ᠶᠢᠨ ᠪᠠᠯᠠ | ᠮᠥᠩᠭᠦ 20.86 ᠳ᠋ᠦᠩᠰᠢᠭᠤᠷ ᠲᠥᠭᠦᠷᠢᠭ ᠢ ᠰᠢᠯᠵᠢᠭᠦᠯᠦᠨ ᠥᠭᠴᠦ᠂ ᠪᠡᠭᠡᠵᠢᠩ ᠥᠪᠥᠷ ᠮᠣᠩᠭᠤᠯ ᠤᠨ ᠶᠠᠳᠠᠭᠤ | ᠶᠢ ᠲᠡᠳᠬᠦᠬᠦ ᠬᠠᠮᠵᠢᠯᠴᠠᠭ᠎ᠠ ᠶᠢᠨ ᠲᠥᠷᠥᠯ ᠵᠦᠶᠯ ᠢ ᠨᠡᠶᠢᠲᠡ 586 ᠶᠢ ᠬᠡᠷᠡᠭᠵᠢᠭᠦᠯᠪᠡ᠃ ᠡᠳᠡᠭᠡᠷ ᠠᠯᠢ ᠤᠯᠠᠨ | ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠳᠠ ᠶᠢᠨ ᠠᠷᠭ᠎ᠠ ᠬᠡᠮᠵᠢᠶ᠎ᠡ ᠨᠢ ᠥᠪᠥᠷ ᠮᠣᠩᠭᠤᠯ ᠤᠨ ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠢ ᠵᠢᠯ ᠤᠨ ᠡᠴᠦᠰ ᠲᠤ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠳᠣᠯᠣᠯᠳᠠ ᠶᠢᠨ ᠳᠠᠶᠢᠯᠠᠯᠳᠤᠭᠠᠨ ᠤ ᠴᠢᠨᠠᠷ ᠰᠠᠶᠢᠲᠠᠶ ᠢᠯᠠᠯᠲᠠ ᠣᠯᠬᠤ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠴᠡᠶ᠃ | ᠪᠥᠬᠦ ᠣᠷᠣᠨ ᠤ ᠤᠯᠤᠰ ᠤᠨ ᠪᠠᠷᠢᠮᠵᠢᠶ᠎ᠠ ᠳᠤ ᠦᠯᠤ ᠬᠦᠷᠬᠦ ᠮᠠᠯᠵᠢᠬᠤ ᠲᠠᠷᠢᠶᠠᠯᠠᠬᠤ ᠣᠷᠣᠨ ᠤ ᠶᠠᠳᠠᠭᠤ | ᠬᠦᠴᠢᠷᠳᠡᠯᠲᠡᠶ ᠬᠥᠮᠦᠨ ᠠᠮᠠ 2013 ᠣᠨ ᠤ ᠵᠢᠯ ᠤᠨ ᠡᠴᠦᠰ ᠲᠤ 157 ᠲᠦᠮᠡᠨ ᠬᠦᠮᠦᠨ ᠪᠠᠶᠢᠭᠰᠠᠨ ᠠᠴᠠ | ᠪᠠᠨ 2018 ᠣᠨ ᠤ ᠵᠢᠯ ᠤᠨ ᠡᠴᠣᠰ ᠲᠤ 15.24 ᠲᠦᠮᠡᠨ ᠬᠦᠮᠦᠨ ᠪᠣᠯᠵᠤ᠂ ᠨᠡᠶᠢᠲᠡ 141.76 ᠲᠦᠮᠡᠨ | ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠤᠨ ᠨᠤᠷᠮ᠎ᠠ 11.7% ᠪᠠᠶᠢᠭᠰᠠᠨ ᠠᠴᠠ ᠪᠠᠨ | ᠪᠠᠭᠤᠷᠠᠭᠠᠳ 1.06% ᠪᠣᠯᠪᠠ᠃ ᠣᠳᠣᠬᠠᠨ ᠪᠣᠯᠲᠠᠯ᠎ᠠ᠂ ᠪᠥᠬᠦ ᠣᠷᠣᠨ ᠤ ᠥᠪᠡᠷᠲᠡᠭᠡᠨ ᠵᠠᠰᠠᠬᠤ ᠣᠷᠣᠨ ᠤ ᠲᠡᠰ | ᠤᠨ ᠶᠠᠳᠠᠭᠤ ᠬᠦᠴᠢᠷᠳᠡᠯᠲᠡᠶ 26 ᠬᠤᠰᠢᠭᠤ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠤᠯᠤᠰ | ᠤᠨ ᠲᠡᠰ ᠤᠨ ᠶᠠᠳᠠᠭᠤ ᠬᠦᠴᠢᠷᠳᠡᠯᠲᠡᠶ 31ᠬᠤᠰᠢᠭᠤ ᠰᠢᠶᠠᠨ ᠤ ᠳᠣᠲᠣᠷ᠎ᠠ ᠨᠢᠭᠡᠨᠲᠡ 11 ᠨᠢ ᠶᠠᠳᠠᠭᠤ ᠠᠴᠠ | ᠠᠩᠭᠢᠵᠢᠷᠠᠵᠤ᠂ ᠦᠯᠡᠳᠡᠭᠰᠡᠨ 20 ᠨᠢ ᠡᠨᠡ ᠵᠢᠯ ᠶᠠᠳᠠᠭᠤ ᠠᠴᠠ ᠠᠩᠭᠢᠵᠢᠷᠠᠬᠤ ᠪᠠᠨ ᠭᠤᠶᠤᠴᠢᠯᠠᠵᠤ᠂ ᠥᠪᠡᠷᠲᠡᠭᠡᠨ | ᠵᠠᠰᠠᠬᠤ ᠣᠷᠣᠨ ᠠᠴᠠ ᠵᠢᠯ ᠤᠨ ᠡᠴᠦᠰ ᠲᠤ ᠪᠥᠬᠦ ᠲᠠᠯ᠎ᠠ ᠶᠢᠨ ᠦᠨᠡᠯᠡᠯᠲᠡ ᠬᠢᠬᠦ ᠪᠤᠯᠤᠨ᠎ᠠ᠃ ᠦᠨᠡᠯᠡᠯᠲᠡ ᠪᠠᠷ | ᠪᠠᠳᠣᠯᠠᠭᠳᠠᠪᠠᠯ᠂ ᠲᠣᠬᠠᠢ ᠶᠢᠨ ᠦᠶ᠎ᠡ ᠳᠤ ᠪᠦᠬᠦ ᠣᠷᠣᠨ ᠤ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ | ᠪᠦᠬᠦᠨ ᠢᠶᠠᠷ ᠢᠶᠠᠨ ᠶᠠᠳᠠᠭᠤ ᠠᠴᠠ ᠠᠩᠬᠢᠵᠢᠷᠠᠬᠤ ᠪᠤᠯᠤᠨ᠎ᠠ᠃ | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠶᠠᠳᠠᠭᠤ ᠠᠴᠠ ᠠᠩᠭᠢᠵᠢᠷᠠᠭᠰᠠᠨ ᠤ ᠳᠠᠷᠠᠭ᠎ᠠ᠂ ᠥᠪᠡᠷᠲᠡᠭᠡᠨ | ᠵᠠᠰᠠᠬᠤ ᠣᠷᠣᠨ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ | ᠬᠥᠭᠵᠢᠭᠡᠬᠦ ᠪᠣᠯᠤᠨ᠎ᠠ᠄ ᠨᠢᠭᠡ ᠲᠠᠯ᠎ᠠ ᠪᠠᠷ᠂ ᠥᠪᠥᠷ ᠮᠣᠩᠭᠤᠯ ᠶᠠᠳᠠᠭᠤ ᠶᠢ ᠳᠡᠳᠬᠦᠬᠦ ᠳᠤ ᠵᠣᠷᠢᠭ ᠢ ᠲᠡᠳᠬᠦᠬᠦ | ᠠᠵᠢᠯᠯᠠᠭ᠎ᠠ ᠥᠷᠨᠢᠭᠦᠯᠬᠦ ᠲᠤᠬᠠᠶ ᠬᠡᠷᠡᠭᠵᠢᠭᠦᠯᠬᠦ ᠰᠠᠨᠠᠯ ᠢ ᠨᠡᠶᠢᠳᠡᠯᠡᠨ᠎ᠡ᠃ ᠨᠥᠭᠦᠭᠡ ᠲᠠᠯ᠎ᠠ ᠪᠠᠷ᠂ ᠥᠪᠥᠷ ᠮᠣᠩᠭᠤᠯ | ᠰᠣᠶᠣᠯ ᠢᠶᠠᠷ ᠶᠠᠳᠠᠭᠤ ᠶᠢ ᠲᠡᠳᠬᠦᠬᠦ ︽ᠠᠷᠪᠠ ᠶᠢ ᠲᠣᠰᠬᠤᠨ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ︽ᠲᠠᠯ᠎ᠠ ᠨᠤᠲᠤᠭ ᠤᠨ ᠬᠥᠩᠭᠡᠨ ᠮᠣᠷᠢᠲᠤ ᠴᠡᠷᠢᠭ︾ ᠤᠨ ᠦᠶᠯᠡᠳᠦᠯ ᠢ ᠪᠠᠳᠠᠷᠠᠭᠤᠯᠣᠨ᠂ ᠶᠠᠳᠠᠭᠤ | ᠬᠦᠴᠢᠷᠳᠡᠯᠲᠡᠶ ᠣᠯᠠᠨ ᠲᠦᠮᠡᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠ ᠢᠲᠡᠭᠡᠯ ᠢ ᠨᠢ ᠨᠡᠮᠡᠭᠳᠡᠭᠦᠯᠦᠨ᠎ᠡ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠪᠠᠰᠠ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢᠨ ᠦᠶᠯᠡᠳᠦᠯ ᠢ | ᠪᠠᠳᠠᠷᠠᠭᠤᠯᠵᠤ᠂ ᠪᠣᠭᠲᠣᠯᠠᠬᠤ ᠪᠡᠯᠡᠭ ᠥᠭᠬᠦ᠂ ᠠᠰᠠᠷᠠᠬᠤ ᠶᠢ ᠬᠦᠩᠭᠡᠪᠴᠢᠯᠡᠵᠤ ᠣᠷᠣᠰᠢᠭᠤᠯᠭ᠎ᠠ ᠶᠢ ᠬᠦᠨᠳᠣᠳᠬᠡᠬᠦ᠂ | ᠨᠠᠰᠤᠲᠠᠨ ᠢᠶᠠᠨ ᠠᠴᠢᠯᠠᠬᠤ ᠥᠬᠡᠶ ᠵᠡᠷᠭᠡ ᠮᠠᠭᠤ ᠦᠢᠯᠡ ᠠᠵᠢᠯᠯᠠᠭ᠎ᠠ ᠶᠢ ᠬᠢᠵᠠᠭᠠᠷᠯᠠᠵᠤ᠂ ᠶᠠᠳᠠᠭᠤ ᠬᠦᠴᠢᠷᠳᠡᠯᠲᠡᠶ | ᠣᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠬᠤ ᠭᠤᠤᠯ ᠴᠣᠭᠴᠠ ᠶᠢᠨ ᠤᠬᠠᠮᠰᠠᠷ ᠢ ᠴᠢᠩᠭᠠᠳᠬᠠᠵᠤ᠂ ᠡᠷᠡᠭᠦᠯ | ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃ |