ᠥᠪᠥᠷ ᠮᠣᠩᠭᠤᠯ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠮᠡᠷᠭᠡᠵᠢᠯ ᠎ ᠤᠨ ᠬᠤᠯᠪᠣᠭ᠎ᠠ ᠪᠠᠶᠢᠭᠤᠯᠪᠠ
ᠨᠡᠶᠢᠲᠡᠯᠡᠭᠰᠡᠨ ᠴᠠᠭ᠄
2019/10/23
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠮᠡᠷᠭᠡᠵᠢᠯ ᠤᠨ ᠬᠤᠯᠪᠣᠭ᠎ᠠ ᠬᠦᠬᠡᠬᠤᠲᠠ ᠳᠤ ᠵᠢᠩᠬᠢᠨᠢ ᠪᠠᠷ ᠪᠠᠶᠢᠭᠤᠯᠤᠭᠳᠠᠵᠤ᠂ 79 ᠨᠢᠭᠡᠴᠢ ᠪᠠ 193 ᠲᠤᠰᠬᠠᠶ ᠮᠡᠷᠭᠡᠵᠢᠯᠲᠡᠨ ᠲᠥᠯᠥᠪᠵᠢᠭᠦᠯᠭᠡ ᠶᠢᠨ ᠮᠡᠷᠭᠡᠵᠢᠯ ᠤᠨ ᠬᠤᠯᠪᠣᠭᠠᠨ ᠤ ᠪᠦᠷᠢᠯᠳᠦᠬᠦᠨ ᠨᠢᠭᠡᠴᠢ ᠪᠠ ᠲᠤᠰᠬᠠᠶ ᠮᠡᠷᠭᠡᠵᠢᠯᠲᠡᠨ ᠪᠣᠯᠪᠠ᠃      ᠲᠥᠯᠥᠪᠵᠢᠭᠦᠯᠭᠡ ᠶᠢᠨ ᠮᠡᠷᠭᠡᠵᠢᠯ ᠤᠨ ᠬᠤᠯᠪᠣᠭ᠎ᠠ ᠨᠢ ᠬᠤᠲᠠ ᠬᠥᠳᠡᠭᠡ ᠶᠢᠨ ᠲᠥᠯᠥᠪᠵᠢᠭᠦᠯᠭᠡ᠂ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ᠂ ᠠᠵᠤ ᠦᠢᠯᠡᠰ ᠤᠨ ᠠᠵᠤ ᠠᠬᠤᠶ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠠᠵᠢᠯ ᠲᠥᠷᠥᠯ ᠤᠨ ᠮᠡᠷᠭᠡᠵᠢᠯ ᠤᠨ ᠪᠠᠶᠢᠭᠤᠯᠤᠮᠵᠢ ᠪᠣᠯᠤᠨ ᠲᠤᠰᠬᠠᠶ ᠮᠡᠷᠭᠡᠵᠢᠯᠲᠡᠨ ᠤ ᠪᠦᠯᠬᠦᠮ ᠢ ᠬᠤᠷᠠᠮᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠠᠵᠢᠯ ᠳᠤ ᠲᠤᠰᠬᠠᠶ ᠮᠡᠷᠭᠡᠵᠢᠯ ᠤᠨ ᠲᠤᠯᠭᠠᠭᠤᠷᠢᠯᠠᠯ ᠪᠣᠯᠤᠨ ᠲᠥᠷᠦ ᠶᠢᠨ ᠪᠣᠳᠣᠯᠭ᠎ᠠ ᠶᠢᠨ ᠰᠤᠳᠤᠯᠭᠠᠨ ᠤ ᠦᠶᠯᠡᠴᠢᠯᠡᠭᠡ ᠬᠠᠩᠭᠠᠵᠤ᠂ ᠪᠦᠬᠦ ᠣᠷᠣᠨ ᠤ ᠨᠢᠭᠡᠳᠦᠯᠲᠡᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠣᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号