︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠲᠤᠭᠳᠠᠭᠠᠯ︾᠎ ᠢ ᠲᠠᠷᠠᠭ᠎ᠠ ᠰᠠᠷ᠎ᠠ ᠠᠴᠠ ᠡᠬᠢᠯᠡᠨ ᠬᠡᠷᠡᠭᠵᠢᠬᠦᠯᠤᠨ᠎ᠠ
ᠨᠡᠶᠢᠲᠡᠯᠡᠭᠰᠡᠨ ᠴᠠᠭ᠄
2019/10/23
     10 ᠰᠠᠷ᠎ᠠ ᠶᠢᠨ 22᠎ ᠤᠨ ᠦᠳᠡ ᠶᠢᠨ ᠡᠮᠦᠨ᠎ᠠ ᠶᠠᠪᠤᠬᠳᠠᠬᠰᠠᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ ᠤ ᠠᠯᠪᠠᠨ ᠬᠡᠷ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠢᠢᠯᠠᠭᠠᠬᠰᠠᠨ ᠢᠶᠠᠷ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠲᠤᠭᠳᠠᠭᠠᠯ︾᠎ ᠢ ᠡᠨᠡ ᠵᠢᠯ ᠤᠨ 11 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠬᠦᠯᠬᠦ ᠪᠠᠷ ᠪᠠᠶᠢᠨ᠎ᠠ᠃      ᠲᠤᠰ ︽ᠲᠤᠭᠳᠠᠭᠠᠯ︾᠎ ᠢ ᠡᠨᠡ ᠵᠢᠯ ᠤᠨ 8 ᠰᠠᠷ᠎ᠠ ᠶᠢᠨ 5᠎ ᠤ ᠡᠳᠦᠷ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠠᠷᠪᠠᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠪᠠᠳᠤᠯᠠᠵᠦ᠂ 241 ᠲᠤᠭᠠᠳᠤ ᠵᠠᠰᠠᠬ ᠤᠨ ᠤᠷᠳᠤᠨ ᠤ ᠵᠠᠷᠯᠢᠬ ᠢᠶᠠᠷ ᠢᠯᠡ ᠨᠡᠶᠢᠳᠡᠯᠡᠭᠰᠡᠨ ᠪᠠᠶᠢᠨ᠎ᠠ᠃ ︽ᠲᠤᠭᠳᠠᠭᠠᠯ︾᠎ ᠨᠢ ᠨᠡᠶᠢᠳᠡ 32 ᠵᠤᠷᠪᠤᠰ ᠢᠶᠠᠷ ᠪᠦᠷᠢᠯᠳᠦᠵᠦ᠂ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢ ᠪᠦᠬᠦ ᠲᠠᠯ᠎ᠠ ᠪᠠᠷ ᠵᠢᠷᠤᠮᠵᠢᠭᠤᠯᠵᠦ᠂ ᠭᠤᠤᠯᠳᠠᠭᠤ ᠲᠦᠷᠪᠡᠨ ᠲᠠᠯ᠎ᠠ ᠶᠢᠨ ᠠᠭᠤᠯᠭ᠎ᠠ ᠶᠢ ᠪᠠᠭᠳᠠᠭᠠᠬᠰᠠᠨ ᠪᠠᠶᠢᠨ᠎ᠠ᠄ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠵᠠᠷᠴᠢᠮ ᠢ ᠲᠤᠳᠤᠷᠬᠠᠢᠢᠯᠠᠵᠦ᠂ ︽ᠲᠤᠭᠳᠠᠭᠠᠯ︾᠎ ᠤᠨ ᠭᠤᠷᠪᠠᠳᠤᠭᠠᠷ ᠵᠤᠷᠪᠤᠰ ᠲᠤ ︽ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠳᠤ ᠠᠮᠢ ᠨᠠᠰᠤ ᠶᠢ ᠲᠡᠬᠡᠳᠦᠯᠡᠬᠦ᠂ ᠠᠮᠤᠷ ᠲᠦᠪᠰᠢᠨ ᠢ ᠲᠡᠷᠢᠬᠦᠨ ᠳᠤ ᠲᠠᠯᠪᠢᠬᠤ᠂ ᠤᠷᠢᠳᠴᠢᠯᠠᠨ ᠰᠡᠷᠬᠡᠶᠢᠯᠡᠬᠦ ᠪᠠᠷ ᠭᠤᠤᠯ ᠪᠤᠯᠭᠠᠬᠤ᠂ ᠵᠤᠬᠢᠴᠠᠭᠤᠯᠤᠨ ᠬᠤᠯᠪᠤᠭᠠᠯᠠᠬᠤ᠂ ᠶᠡᠷᠦᠩᠬᠡᠶᠢᠯᠡᠨ ᠵᠠᠰᠠᠬᠤ ᠵᠠᠷᠴᠢᠮ ᠢ ᠵᠢᠷᠤᠮᠯᠠᠨ᠎ᠠ︾ ᠬᠡᠵᠦ ᠲᠤᠭᠳᠠᠭᠠᠵᠠᠢ︔ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠬ ᠤᠨ ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠡᠮᠦᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠲᠤᠳᠤᠷᠬᠠᠢᠢᠯᠠᠵᠦ᠂ ᠤᠨᠴᠠ ᠵᠠᠷᠢᠮ ᠰᠤᠮᠤ ᠰᠢᠶᠠᠩ ᠪᠠᠯᠭᠠᠰᠤ ᠶᠢᠨ ᠠᠷᠡᠤᠨ ᠤᠨ ᠵᠠᠰᠠᠬ ᠤᠨ ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠡᠮᠦᠷ ᠵᠠᠮ ᠤᠨ ᠠᠮᠤᠷ ᠲᠦᠪᠰᠢᠨ ᠤ ᠬᠡᠮ ᠰᠤᠭᠤᠬ ᠢ ᠠᠷᠢᠯᠭᠠᠬᠤ ᠰᠠᠨᠠᠭᠠᠴᠢᠯᠠᠭᠠᠳᠤ ᠴᠢᠨᠠᠷ ᠴᠢᠩᠭ᠎ᠠ ᠪᠢᠰᠢ ᠡᠨᠡ ᠬᠦ ᠠᠰᠠᠭᠤᠳᠠᠯ ᠢ ᠰᠢᠢᠳᠪᠦᠷᠢᠯᠡᠬᠦ ᠵᠤᠷᠢᠯᠭ᠎ᠠ ᠪᠠᠷ᠂ ︽ᠲᠤᠭᠳᠠᠭᠠᠯ︾᠎ ᠤᠨ ᠲᠦᠷᠪᠡᠳᠦᠬᠡᠷ ᠵᠤᠷᠪᠤᠰ ᠤᠨ ᠭᠤᠷᠪᠠᠳᠤᠭᠠᠷ ᠬᠡᠰᠡᠭ ᠲᠤ ︽ᠲᠡᠮᠦᠷ ᠵᠠᠮ ᠲᠠᠭᠠᠤ ᠶᠢᠨ ᠰᠤᠮᠤ ᠰᠢᠶᠠᠩ ᠪᠠᠯᠭᠠᠰᠤ ᠶᠢᠨ ᠵᠠᠰᠠᠬ ᠤᠨ ᠤᠷᠳᠤᠨ ᠪᠤᠶᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠮᠤᠷ ᠲᠦᠪᠰᠢᠨ ᠤ ᠬᠢᠨᠠᠨ ᠬᠠᠮᠢᠶᠠᠷᠤᠯᠳᠠ ᠬᠢᠬᠦ ᠪᠠ ᠲᠡᠮᠦᠷ ᠵᠠᠮ ᠢ ᠬᠠᠮᠠᠭᠠᠯᠠᠬᠤ ᠬᠤᠯᠪᠤᠭᠠᠯᠠᠨ ᠰᠡᠷᠬᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠨᠢᠬᠡᠴᠢ ᠲᠠᠢ ᠬᠠᠮᠵᠢᠯᠴᠡᠨ ᠲᠤᠬᠠᠢ ᠶᠢᠨ ᠵᠠᠰᠠᠬ ᠵᠠᠬᠢᠷᠭᠠᠨ ᠤ ᠤᠷᠤᠨ ᠪᠦᠰᠡ ᠶᠢᠨ ᠲᠤᠳᠤᠷᠡᠬᠢ ᠲᠡᠮᠦᠷ ᠵᠠᠮ ᠤᠨ ᠠᠮᠤᠷ ᠲᠦᠪᠰᠢᠨ ᠤ ᠠᠵᠢᠯ ᠢ ᠰᠠᠶᠢᠳᠤᠷ ᠬᠢᠪᠡᠯ ᠵᠤᠬᠢᠨ᠎ᠠ︾ ᠬᠡᠵᠦ ᠲᠤᠭᠳᠠᠭᠠᠵᠠᠢ︔ ᠲᠦᠷᠬᠡᠨ ᠤ ᠲᠡᠮᠦᠷ ᠵᠠᠮ ᠤᠨ ︽ᠬᠤᠤᠰ ᠲᠡᠮᠦᠷ ᠵᠠᠮ ᠤᠨ ᠬᠡᠰᠡᠭ ᠤᠨ ᠲᠠᠷᠤᠭ᠎ᠠ︾᠎ ᠶᠢᠨ ᠬᠠᠷᠢᠭᠤᠴᠠᠯᠭ᠎ᠠ ᠶᠢᠨ ᠲᠦᠷᠢᠮ ᠢ ᠲᠤᠳᠤᠷᠬᠠᠢᠢᠯᠠᠵᠦ᠂ ︽ᠲᠤᠭᠳᠠᠭᠠᠯ︾᠎ ᠤᠨ ᠲᠠᠪᠤᠳᠤᠭᠠᠷ ᠵᠤᠷᠪᠤᠰ ᠲᠤ ︽ᠬᠤᠤᠰ ᠲᠡᠮᠦᠷ ᠵᠠᠮ ᠤᠨ ᠬᠡᠰᠡᠭ ᠤᠨ ᠲᠠᠷᠤᠭ᠎ᠠ︾ ᠴᠠᠬᠳᠠᠨ ᠪᠠᠶᠢᠴᠠᠭᠠᠬᠤ᠂ ᠲᠡᠮᠦᠷ ᠵᠠᠮ ᠤᠨ ᠠᠮᠤᠷ ᠲᠦᠪᠰᠢᠨ ᠤ ᠬᠡᠮ ᠰᠤᠭᠤᠬ ᠢ ᠵᠦᠪᠳᠡᠬᠦ ᠪᠠ ᠰᠢᠢᠳᠪᠦᠷᠢᠯᠡᠬᠦ ᠠᠵᠢᠯ ᠤᠨ ᠲᠤᠭᠳᠠᠴᠠ ᠪᠠᠶᠢᠭᠤᠯᠬᠤ ᠶᠢ ᠲᠤᠳᠤᠷᠬᠠᠢ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号