ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠠᠵᠢᠯ ᠲᠦᠷᠦᠯ ᠢᠶᠠᠷ ᠵᠦᠪᠯᠡᠬᠦ ᠬᠤᠷᠠᠯ ᠬᠢᠵᠡᠢ
ᠨᠡᠶᠢᠲᠡᠯᠡᠭᠰᠡᠨ ᠴᠠᠭ᠄
2019/10/23
     10 ᠰᠠᠷ᠎ᠠ ᠶᠢᠨ 22᠎ ᠤᠨ ᠦᠳᠡ ᠶᠢᠨ ᠬᠤᠶᠢᠨ᠎ᠠ᠂ ᠦᠪᠡᠷᠲᠡᠬᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠶᠢ ᠲᠦᠷᠭᠡᠳᠬᠡᠵᠦ᠂ ᠦᠪᠡᠷᠲᠡᠭᠡᠨ ᠵᠠᠰᠠᠬᠤ ᠤᠷᠤᠨ ᠤ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ︾ ᠠᠵᠢᠯ ᠲᠦᠷᠦᠯ ᠢᠶᠠᠷ ᠵᠦᠪᠯᠡᠬᠦ ᠬᠤᠷᠠᠯ ᠬᠢᠵᠡᠢ᠃      ᠬᠤᠷᠠᠯ ᠠᠴᠠ᠂ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠎ ᠤᠨ ᠮᠠᠨ ᠤ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠦᠭᠰᠡᠨ ᠪᠠᠶᠢᠳᠠᠯ ᠤᠨ ᠲᠤᠬᠠᠢ ᠨᠡᠶᠢᠲᠡᠯᠡᠯ ᠪᠤᠯᠤᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠡᠷᠡᠬᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠦᠪᠯᠡᠯ ᠤᠨ ᠮᠠᠨ ᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠶᠢ ᠬᠢᠵᠠᠭᠠᠷᠯᠠᠵᠦ ᠪᠠᠶᠢᠭ᠎ᠠ ᠳᠤᠪᠤᠶᠢᠮ᠎ᠠ ᠠᠰᠠᠭᠤᠳᠠᠯ ᠤᠨ ᠲᠤᠭᠤᠷᠢᠨ ᠳᠤ ᠬᠢᠭᠰᠡᠨ ᠪᠠᠶᠢᠴᠠᠭᠠᠨ ᠰᠤᠳᠤᠯᠤᠯᠲᠠ ᠶᠢᠨ ᠮᠡᠳᠡᠬᠦᠯᠦᠯᠲᠡ ᠶᠢᠨ ᠲᠤᠬᠠᠢ ᠲᠤᠳᠤᠷᠬᠠᠢᠢᠯᠠᠯᠲᠠ ᠶᠢ ᠰᠤᠨᠤᠰᠴᠠᠢ᠃ ᠬᠡᠰᠡᠭ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠪᠤᠳᠤᠯ ᠰᠠᠨᠠᠯ ᠢᠶᠠᠨ ᠬᠡᠯᠡᠬᠦ ᠶᠢᠨ ᠬᠠᠮᠳᠦ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠲᠠᠢ ᠵᠦᠪᠯᠡᠯᠬᠡ ᠬᠢᠵᠡᠢ᠃      ᠬᠤᠷᠠᠯ ᠠᠴᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠪᠠᠷ ᠬᠦᠳᠡᠯᠭᠡᠬᠦᠷ ᠪᠤᠯᠭᠠᠬᠤ ᠴᠢᠨᠠᠷ ᠰᠠᠶᠢᠲᠠᠢ ᠬᠦᠭᠵᠢᠯᠲᠡ ᠨᠢ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠬᠢᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ᠮᠠᠨ ᠎ ᠤ ᠤᠷᠤᠨ ᠤ ᠠᠯᠤᠰ ᠭᠡᠳᠦ ᠶᠢᠨ ᠬᠦᠭᠵᠢᠯᠲᠡ ᠶᠢ ᠠᠬᠢᠭᠤᠯᠬᠤ ᠴᠢᠬᠤᠯᠠ ᠶᠡᠭᠡ ᠰᠡᠳᠦᠪ ᠪᠠᠶᠢᠵᠦ᠂ ᠰᠢᠨ᠎ᠡ ᠬᠦᠭᠵᠢᠯᠲᠡ ᠶᠢᠨ ᠤᠢᠢᠯᠠᠭᠠᠬᠳᠠᠬᠤᠨ ᠢ ᠲᠤᠭᠤᠰᠢᠯᠠᠭᠤᠯᠬᠤ᠂ ᠮᠠᠨ ᠤ ᠤᠷᠤᠨ ᠤ ᠤᠳᠤᠬᠠᠨ ᠤ ᠠᠵᠦ ᠠᠬᠤᠢ ᠶᠢᠨ ᠬᠦᠭᠵᠢᠯᠲᠡ ᠳᠤᠮᠲᠠᠬᠢ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠴᠢᠬᠤᠯᠠ ᠠᠴᠢ ᠬᠤᠯᠪᠤᠬᠳᠠᠯ ᠲᠠᠢ ᠪᠠᠶᠢᠳᠠᠭ᠃ ᠲᠠᠷᠠᠭᠠᠴᠢ ᠪᠠᠷ ᠦᠵᠡᠯᠲᠡ ᠲᠠᠨᠢᠯᠲᠠ ᠪᠠᠨ ᠴᠢᠨᠠᠬᠰᠢᠲᠠ ᠳᠡᠭᠡᠭᠰᠢᠯᠡᠬᠦᠯᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠬᠦᠳᠬᠦ ᠪᠠᠷ ᠬᠦᠳᠡᠯᠭᠡᠭᠦᠷ ᠪᠤᠯᠭᠠᠬᠤ︾ ᠤᠢᠢᠯᠠᠭᠠᠬᠳᠠᠬᠤᠨ ᠢ ᠪᠠᠲᠦ ᠪᠤᠢ ᠪᠤᠯᠭᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠬᠦᠨᠵᠡᠬᠡᠶᠢᠷᠡᠬᠦᠯᠵᠦ᠂ ᠰᠢᠨ᠎ᠡ ᠶᠢ ᠡᠬᠦᠳᠬᠦ ᠲᠡᠪᠴᠡᠩ ᠤᠨ ᠪᠠᠶᠢᠭᠤᠯᠤᠯᠲᠠ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠭᠡ ᠶᠢ ᠴᠢᠩᠭᠠᠳᠬᠠᠵᠦ᠂ ᠦᠪᠡᠷᠲᠡᠭᠡᠨ ᠵᠠᠰᠠᠬᠤ ᠤᠷᠤᠨ ᠤ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ ᠳᠤ ᠦᠨᠡᠨ ᠬᠦ ᠰᠢᠨ᠎ᠡ ᠬᠦᠳᠡᠯᠭᠡᠬᠦ ᠬᠦᠴᠦᠨ ᠢ ᠨᠡᠮᠡᠷᠢᠯᠡᠬᠦ ᠬᠡᠷᠡᠭᠲᠡᠢ ᠭᠡᠪᠡ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠪᠠᠶᠢᠭᠤᠯᠤᠮᠵᠢ ᠤᠷᠤᠨ ᠲᠤᠭ᠎ᠠ ᠎ ᠶᠢᠨ ᠬᠤᠷᠢᠶᠠᠨ ᠤ ᠠᠯᠪᠠᠨ ᠭᠡᠷ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠦᠨ ᠤ ᠠᠯᠪᠠᠨ ᠲᠢᠩᠬᠢᠮ᠂ ᠦᠪᠡᠷᠲᠡᠭᠡᠨ ᠵᠠᠰᠠᠬᠤ ᠤᠷᠤᠨ ᠤ ᠬᠦᠭᠵᠢᠬᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠦ ᠦᠢᠯᠡᠳᠪᠦᠷᠢ ᠪᠠ ᠰᠦᠯᠵᠢᠶᠡᠨ ᠤ ᠮᠡᠳᠡᠭᠡ ᠵᠠᠩᠬᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠬᠡᠮᠯᠢᠭ ᠎ ᠤᠨ ᠡᠲᠡᠭᠡᠳ ᠤᠨ ᠬᠡᠰᠡᠭ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号