2020 ᠣᠨ ᠤ ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠡᠷ᠎ᠡ ᠮᠡᠳᠡᠭᠦᠯᠬᠦ ᠴᠠᠭ ᠢ ᠲᠣᠭᠲᠠᠭᠠᠪᠠ
ᠨᠡᠶᠢᠲᠡᠯᠡᠭᠰᠡᠨ ᠴᠠᠭ᠄
2019/10/24
     ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ︽2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠨᠡᠶᠢᠲᠡᠯᠡᠵᠦ᠂ 2019 ᠣᠨ ᠤ 11 ᠳ᠋ᠤᠭᠡᠷ ᠰᠠᠷ᠎ᠠ ᠶᠢᠨ 18᠎ ᠤ ᠡᠳᠦᠷ ᠠᠴᠠ ᠡᠬᠢᠯᠡᠨ 2020 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠦᠨ᠎ᠡ ᠭᠡᠵᠦ ᠲᠣᠳᠣᠷᠬᠠᠶ ᠲᠣᠭᠲᠠᠭᠠᠪᠠ᠃      ︽ᠮᠡᠳᠡᠭᠳᠡᠯ︾᠎ ᠳᠤ ᠵᠢᠭᠠᠵᠤ ᠭᠠᠷᠭᠠᠭᠰᠠᠨ ᠨᠢ᠂ ᠮᠠᠨ ᠤ ᠣᠷᠣᠨ ᠳᠤ 2020 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠵᠢᠴᠢ ᠡᠯᠰᠡᠭᠳᠡᠭᠰᠡᠨ ᠬᠦᠮᠦᠰ᠂ ᠳᠠᠷᠤᠢ ᠨᠢᠭᠡᠳᠦᠯᠲᠡᠶ ᠰᠢᠯᠭᠠᠭᠤᠯᠤᠭᠴᠢ᠂ ᠪᠠᠲᠤᠯᠠᠨ ᠬᠦᠷᠭᠡᠬᠦ ᠰᠤᠷᠤᠭᠴᠢ᠂ ᠪᠠᠭᠠᠴᠤᠳ ᠤᠨ ᠠᠩᠭᠢ ᠶᠢᠨ ᠰᠤᠷᠤᠭᠴᠢ᠂ ᠪᠡᠶ᠎ᠡ ᠪᠠᠨ ᠳᠠᠭᠠᠭᠠᠵᠤ ᠡᠯᠰᠡᠭᠰᠡᠨ ᠰᠤᠷᠤᠭᠴᠢ᠂ ᠥᠨᠳᠥᠷ ᠬᠢᠷᠢ ᠲᠦᠪᠰᠢᠨ ᠪᠦᠬᠦᠢ ᠤᠷᠠᠯᠢᠭ ᠤᠨ ᠪᠦᠯᠬᠦᠮ ᠤᠨ ᠰᠤᠷᠤᠭᠴᠢ᠂ ᠥᠨᠳᠥᠷ ᠬᠢᠷᠢ ᠲᠦᠪᠰᠢᠨ ᠪᠦᠬᠦᠢ ᠲᠠᠮᠢᠷ ᠤᠨ ᠠᠩᠭᠢ ᠶᠢᠨ ᠰᠤᠷᠤᠭᠴᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ᠂ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠮᠡᠷᠭᠡᠵᠢᠯ ᠤᠨ ᠰᠤᠷᠤᠭᠴᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠩᠭᠢ ᠶᠢᠨ ᠰᠤᠷᠤᠭᠴᠢ᠂ ᠭᠤᠷᠪᠠ ᠬᠤᠶᠠᠷ ᠬᠤᠪᠢᠶᠠᠷᠢ ᠠᠩᠭᠢ ᠶᠢᠨ ᠰᠤᠷᠤᠭᠴᠢ᠂ ᠡᠯ᠎ᠡ ᠲᠥᠷᠥᠯ ᠤᠨ ᠲᠤᠰᠬᠠᠶ ᠡᠯᠰᠡᠬᠦ ᠰᠤᠷᠤᠭᠴᠢ ᠵᠡᠷᠭᠡ ᠶᠢ ᠪᠠᠭᠲᠠᠭᠠᠭᠰᠠᠨ ᠬᠦᠮᠦᠰ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠭᠠᠷ ᠭᠦᠶᠴᠡᠳᠬᠡᠯ ᠢ ᠲᠣᠭᠲᠠᠭᠠᠯ ᠶᠣᠰᠣᠭᠠᠷ ᠭᠦᠶᠴᠡᠳᠬᠡᠬᠦ ᠬᠡᠷᠡᠭᠲᠡᠶ᠃ ᠪᠣᠳᠠᠲᠠᠶ ᠨᠡᠷ᠎ᠡ ᠮᠡᠳᠡᠭᠦᠯᠬᠦ ᠴᠠᠭ ᠨᠢ 2019 ᠣᠨ ᠤ 11 ᠳ᠋ᠤᠭᠡᠷ ᠰᠠᠷ᠎ᠠ ᠶᠢᠨ 18᠎ ᠤ ᠡᠳᠦᠷ ᠤᠨ 9 : 00᠎ ᠠᠴᠠ 2019 ᠣᠨ ᠤ 11 ᠳ᠋ᠤᠭᠡᠷ ᠰᠠᠷ᠎ᠠ ᠶᠢᠨ 29᠎ ᠤ ᠡᠳᠦᠷ ᠤᠨ 18 : 00 ᠪᠤᠯᠤᠨ᠎ᠠ᠂ ᠪᠣᠶ ᠪᠦᠬᠦᠢ ᠰᠢᠯᠭᠠᠭᠤᠯᠤᠭᠰᠠᠳ ᠲᠣᠭᠲᠠᠭᠰᠠᠨ ᠴᠠᠭ ᠤᠨ ᠳᠣᠲᠣᠷ᠎ᠠ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠰᠦᠶᠳᠬᠡᠯ ᠲᠤᠰᠢᠶᠠᠬᠤ ᠪᠠ ᠲᠤᠬᠠᠶ ᠶᠢᠨ ᠲᠠᠯᠠᠪᠤᠷ ᠲᠤ ᠨᠤᠲᠠᠯᠠᠬᠤ ᠵᠡᠷᠭᠡ ᠳᠤ ᠨᠡᠷ᠎ᠡ ᠮᠡᠳᠡᠭᠦᠯᠬᠦ ᠭᠠᠷ ᠭᠦᠶᠴᠡᠳᠬᠡᠯ ᠢ ᠪᠡᠶᠡᠯᠡᠭᠦᠯᠬᠦ ᠬᠡᠷᠡᠭᠲᠡᠢ᠂ ᠬᠤᠭᠤᠴᠠᠭ᠎ᠠ ᠦᠩᠭᠡᠷᠡᠪᠡᠯ ᠬᠠᠮᠢᠶ᠎ᠠ ᠪᠦᠬᠦᠢ ᠨᠡᠷ᠎ᠡ ᠮᠡᠳᠡᠭᠦᠯᠬᠦ ᠭᠠᠷ ᠭᠦᠶᠴᠡᠳᠬᠡᠯ ᠢ ᠬᠦᠯᠢᠶᠡᠨ ᠠᠪᠴᠤ ᠰᠢᠶᠳᠪᠦᠷᠢᠯᠡᠬᠦ ᠥᠬᠡᠶ᠃ ᠰᠢᠯᠭᠠᠭᠤᠯᠤᠭᠰᠠᠳ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ︵ᠳᠣᠷᠣᠭᠰᠢ ᠬᠤᠰᠢᠭᠤ ᠰᠢᠶᠠᠨ ᠭᠡᠵᠦ ᠲᠣᠪᠴᠢᠯᠠᠨ᠎ᠠ︶᠎ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠨᠡᠷ᠎ᠡ ᠮᠡᠳᠡᠭᠦᠯᠦᠨ᠎ᠡ᠃ ᠡᠴᠢᠬᠡ ᠡᠬᠡ ᠶᠢᠨ ᠠᠵᠢᠯ ᠤᠨ ᠰᠢᠯᠲᠠᠭᠠᠨ ᠢᠶᠠᠷ ᠳᠠᠭᠠᠵᠤ ᠨᠡᠭᠦᠭᠰᠡᠨ ᠣᠷᠣᠨ ᠤ ᠭᠠᠳᠠᠨ᠎ᠠ ᠪᠠᠶᠢᠭ᠎ᠠ ᠰᠢᠯᠭᠠᠭᠤᠯᠤᠭᠰᠠᠳ ᠡᠴᠢᠭᠡ ᠡᠬᠡ ᠶᠢᠨ ᠰᠠᠭᠤᠭ᠎ᠠ ᠭᠠᠵᠠᠷ ᠤᠨ ᠬᠤᠰᠢᠭᠤ ᠰᠢᠶᠠᠨ ᠳᠤ ᠨᠡᠷ᠎ᠡ ᠮᠡᠳᠡᠭᠦᠯᠦᠨ᠎ᠡ᠃ ᠡᠭᠦᠨ ᠠᠴᠠ ᠭᠠᠳᠠᠨ᠎ᠠ᠂ ᠮᠡᠳᠡᠭᠳᠡᠯ ᠳᠤ ᠪᠠᠰᠠ ᠠᠶᠢᠮᠠᠭ ᠬᠤᠲᠠ᠂ ᠬᠤᠰᠢᠭᠤ ᠰᠢᠶᠠᠨ ᠠᠯᠤᠰᠯᠠᠨ ᠨᠡᠷ᠎ᠡ ᠮᠡᠳᠡᠭᠦᠯᠵᠦ ᠪᠣᠯᠬᠤ ᠬᠡᠳᠦᠨ ᠵᠦᠶᠯ ᠤᠨ ᠪᠠᠶᠢᠳᠠᠯ ᠢ ᠵᠢᠭᠰᠠᠭᠠᠪᠠ᠂ ᠰᠢᠯᠭᠠᠭᠤᠯᠤᠭᠰᠠᠳ ᠪᠠ ᠭᠡᠷ ᠤᠨ ᠠᠬᠠᠮᠠᠳ ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠠᠴᠠ ᠨᠠᠷᠢᠨ ᠪᠠᠶᠢᠳᠠᠯ ᠢ ᠣᠶᠢᠯᠠᠭᠠᠵᠤ ᠪᠣᠯᠤᠨ᠎ᠠ᠃ ᠨᠡᠷ᠎ᠡ ᠮᠡᠳᠡᠭᠦᠯᠬᠦ ᠠᠷᠭ᠎ᠠ ᠮᠠᠶ᠋ᠢᠭ ᠤᠨ ᠲᠠᠯ᠎ᠠ ᠪᠠᠷ᠂ ᠮᠠᠨ ᠤ ᠣᠷᠣᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠶᠢ ᠦᠷᠭᠦᠯᠵᠢᠯᠡᠨ ᠬᠡᠷᠡᠭᠵᠢᠭᠦᠯᠵᠦ᠂ ᠪᠣᠳᠠᠲᠠᠶ ᠠᠵᠢᠯᠯᠠᠭ᠎ᠠ ᠶᠢ ︽2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠴᠤᠭᠯᠠᠭᠤᠯᠬᠤ ᠠᠷᠭ᠎ᠠ︾ ᠶᠣᠰᠣᠭᠠᠷ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号