|
ᠥᠪᠥᠷ ᠮᠣᠩᠭᠤᠯ ᠤᠨ ᠲᠦᠷᠦᠭᠦᠤ ᠭᠤᠷᠪᠠᠨ ᠤᠯᠠᠷᠢᠯ ᠤᠨ ᠭᠠᠳᠠᠭᠠᠳᠤ ᠠᠷᠠᠯᠵᠢᠶᠠᠨ ᠤ ᠣᠷᠤᠭᠤᠯᠤᠯᠲᠠ ᠭᠠᠷᠭᠠᠯᠲᠠ ᠶᠢᠨ ᠥᠷᠲᠡᠭ 87.7 ᠳ᠋ᠦᠩᠰᠢᠭᠤᠷ | ᠲᠥᠭᠦᠷᠢᠭ ᠲᠤ ᠬᠦᠷᠴᠡᠶ |
|
|
ᠨᠡᠶᠢᠲᠡᠯᠡᠭᠰᠡᠨ ᠴᠠᠭ᠄
2019/10/24
|
|
ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠥᠷᠲᠡᠭ 87 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ︵ᠳᠣᠷᠣᠭᠰᠢ ᠠᠳᠠᠯᠢ︶ ᠤ ᠬᠢ ᠠᠴᠠ 8.6% ᠨᠡᠮᠡᠭᠳᠡᠵᠦ᠂ ᠠᠳᠠᠯᠢ ᠬᠤᠭᠤᠴᠠᠭᠠᠨ ᠤ ᠪᠥᠬᠦ ᠤᠯᠤᠰ ᠤᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠠᠴᠠ 5.8 ᠵᠠᠭᠤᠨ ᠤ ᠴᠡᠭ ᠥᠨᠳᠥᠷ ᠪᠣᠯᠵᠠᠶ᠃ ᠡᠭᠦᠨ ᠳᠤ᠂ ᠭᠠᠳᠠᠭᠠᠳᠤ ᠭᠠᠷᠭᠠᠯᠲᠠ 275.8 ᠳ᠋ᠦᠩᠰᠢᠭᠤᠷ ᠲᠥᠭᠦᠷᠢᠭ ᠲᠤ ᠬᠦᠷᠴᠦ᠂ 0.4% ᠪᠠᠷ ᠪᠠᠭᠤᠷᠠᠪᠠ︔ ᠭᠠᠳᠠᠭᠠᠳᠤ ᠣᠷᠣᠭᠤᠯᠤᠯᠲᠠ 545.9 ᠳ᠋ᠦᠩᠰᠢᠭᠤᠷ ᠲᠥᠭᠦᠷᠢᠭ ᠲᠤ ᠬᠦᠷᠴᠦ᠂ 13.8% ᠪᠠᠷ ᠨᠡᠮᠡᠭᠳᠡᠪᠡ᠃ ᠡᠩ ᠤᠨ ᠠᠷᠠᠯᠵᠢᠶ᠎ᠠ ᠲᠥᠷᠭᠡᠨ ᠨᠡᠮᠡᠭᠳᠡᠵᠦ᠂ ᠠᠷᠠᠯᠵᠢᠶᠠᠨ ᠤ ᠠᠷᠭ᠎ᠠ ᠮᠠᠶ᠋ᠢᠭ ᠣᠯᠠᠨ ᠡᠰᠢᠵᠢᠨ ᠬᠥᠭᠵᠢᠪᠡ᠃ ᠡᠩ ᠤᠨ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ 489.1 ᠳ᠋ᠦᠩᠰᠢᠭᠤᠷ ᠲᠥᠭᠦᠷᠢᠭ ᠲᠤ ᠬᠦᠷᠴᠦ᠂ 15.9% ᠪᠠᠷ ᠨᠡᠮᠡᠭᠳᠡᠨ᠂ ᠠᠳᠠᠯᠢ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠥᠷᠲᠡᠭ ︵ᠳᠣᠷᠣᠭᠰᠢ ᠠᠳᠠᠯᠢ︶ ᠤᠨ 59.5 % ᠶᠢ ᠡᠵᠡᠯᠡᠪᠡ︔ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ 238.5 ᠳ᠋ᠦᠩᠰᠢᠭᠤᠷ ᠲᠥᠭᠦᠷᠢᠭ ᠲᠤ ᠬᠦᠷᠴᠦ᠂ 0.6% ᠪᠠᠷ ᠨᠡᠮᠡᠭᠳᠡᠨ᠂ 29 % ᠶᠢ ᠡᠵᠡᠯᠡᠪᠡ᠃ ᠡᠭᠦᠨ ᠠᠴᠠ ᠭᠠᠳᠠᠨ᠎ᠠ᠂ ᠭᠠᠶᠢᠯᠢ ᠪᠠᠲᠤᠯᠠᠬᠤ ᠬᠥᠮᠥᠷᠭᠡ ᠶᠢᠨ ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭ᠎ᠠ ᠶᠢᠨ ᠥᠷᠲᠡᠭ 66 ᠳ᠋ᠦᠩᠰᠢᠭᠤᠷ ᠲᠥᠭᠦᠷᠢᠭ ᠲᠤ ᠬᠦᠷᠴᠦ᠂ 6.2% ᠢᠶᠠᠷ ᠨᠡᠮᠡᠭᠳᠡᠨ᠂ 8% ᠶᠢ ᠡᠵᠡᠯᠡᠪᠡ︔ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 21.6 ᠳ᠋ᠦᠩᠰᠢᠭᠤᠷ ᠲᠥᠭᠦᠷᠢᠭ ᠲᠤ ᠬᠦᠷᠴᠦ᠂ 32.6% ᠪᠠᠷ ᠪᠠᠭᠤᠷᠠᠵᠤ᠂ 2.6% ᠶᠢ ᠡᠵᠡᠯᠡᠪᠡ᠃ ᠭᠠᠳᠠᠭᠠᠳᠤ ᠭᠠᠷᠭᠠᠯᠲᠠ ᠨᠢ ᠬᠥᠳᠡᠯᠮᠦᠷᠢ ᠬᠤᠷᠠᠭᠰᠠᠨ ᠬᠡᠯᠪᠡᠷᠢ ᠶᠢᠨ ᠦᠢᠯᠡᠳᠬᠦᠨ ᠪᠠ ᠠᠩᠬᠠᠨ ᠤ ᠦᠢᠯᠡᠳᠬᠦᠨ ᠢᠶᠠᠷ ᠭᠤᠤᠯ ᠪᠣᠯᠭᠠᠪᠠ᠃ ᠭᠠᠳᠠᠭᠠᠳᠤ ᠳᠤ ᠭᠠᠷᠭᠠᠭᠰᠠᠨ ᠪᠣᠯᠣᠳ ᠮᠠᠲ᠋ᠧᠷᠢᠶᠠᠯ 58.6 ᠳ᠋ᠦᠩᠰᠢᠭᠤᠷ ᠲᠥᠭᠦᠷᠢᠭ ᠲᠤ ᠬᠦᠷᠴᠦ᠂ 7.3% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ 42.9 ᠳ᠋ᠦᠩᠰᠢᠭᠤᠷ ᠲᠥᠭᠦᠷᠢᠭ ᠲᠤ ᠬᠦᠷᠴᠦ᠂ 2.7% ᠪᠠᠷ ᠪᠠᠭᠤᠷᠠᠪᠠ︔ ᠭᠠᠳᠠᠭᠠᠳᠤ ᠳᠤ ᠭᠠᠷᠭᠠᠬᠤ ᠴᠠᠬᠢᠯᠭᠠᠨ ᠮᠧᠬᠠᠨᠢᠭ ᠤᠨ ᠪᠦᠲᠦᠬᠡᠭᠳᠡᠬᠦᠨ 38.2 ᠳ᠋ᠦᠩᠰᠢᠭᠤᠷ ᠲᠥᠭᠦᠷᠢᠭ ᠲᠤ ᠬᠦᠷᠴᠦ᠂ 25.6% ᠪᠠᠷ ᠪᠠᠭᠤᠷᠠᠪᠠ᠃ ᠡᠳᠡᠭᠡᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯᠢ ᠬᠤᠭᠤᠴᠠᠭᠠᠨ ᠤ ᠭᠠᠳᠠᠭᠠᠳᠤ ᠭᠠᠷᠭᠠᠯᠲᠠ ᠶᠢᠨ 50.7% ᠶᠢ ᠡᠵᠡᠯᠡᠵᠦ ᠪᠠᠶᠢᠨ᠎ᠠ᠃ ᠭᠠᠳᠠᠭᠠᠳᠤ ᠣᠷᠤᠭᠤᠯᠤᠯᠲᠠ ᠨᠢ ᠡᠬᠢ ᠪᠠᠶᠠᠯᠢᠭ ᠤᠨ ᠴᠢᠨᠠᠷᠲᠠᠶ ᠲᠠᠸᠠᠷ ᠢᠶᠠᠷ ᠭᠤᠤᠯ ᠪᠣᠯᠭᠠᠪᠠ᠃ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 163.2 ᠳ᠋ᠦᠩᠰᠢᠭᠤᠷ ᠲᠥᠭᠦᠷᠢᠭ ᠲᠤ ᠬᠦᠷᠴᠦ᠂ 22.8% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠬᠢᠷᠦᠭᠡᠳᠦᠮᠡᠯ ᠮᠠᠲ᠋ᠧᠷᠢᠶᠠᠯ 67 ᠳ᠋ᠦᠩᠰᠢᠭᠤᠷ ᠲᠥᠭᠦᠷᠢᠭ ᠲᠤ ᠬᠦᠷᠴᠦ᠂ 5.3% ᠪᠠᠷ ᠪᠠᠭᠤᠷᠠᠪᠠ︔ ᠭᠠᠳᠠᠭᠠᠳᠤ ᠠᠴᠠ ᠣᠷᠣᠭᠤᠯᠤᠭᠰᠠᠨ ᠵᠡᠰ ᠤᠨ ᠬᠦᠳᠡᠷ 64.9 ᠳ᠋ᠦᠩᠰᠢᠭᠤᠷ ᠲᠥᠭᠦᠷᠢᠭ ᠲᠤ ᠬᠦᠷᠴᠦ᠂ 1.1% ᠪᠠᠷ ᠨᠡᠮᠡᠭᠳᠡᠪᠡ᠃ ᠡᠳᠡᠭᠡᠷ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯᠢ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ 54.1% ᠶᠢ ᠡᠵᠡᠯᠡᠵᠦ ᠪᠠᠶᠢᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|