ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠪᠡᠯ᠂ ᠮᠠᠨ ᠤ ᠣᠷᠣᠨ ᠤ | ᠡᠩ ᠤᠨ ᠶᠡᠭᠡ ᠳᠡᠭᠡᠳᠦ ᠰᠤᠷᠭᠠᠭᠤᠯᠢ ᠶᠢᠨ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ | ᠳᠤᠮᠳᠠ᠂ ᠪᠤᠰᠤᠳ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠤᠨ ᠬᠢᠴᠢᠶᠡᠯ ᠤᠨ ᠰᠢᠯᠭᠠᠯᠲᠠ ᠨᠢ 2020 | ᠣᠨ ᠠᠴᠠ ᠡᠬᠢᠯᠡᠨ᠂ ᠪᠦᠬᠦᠨ ᠢ ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠨᠢ ᠰᠢᠯᠭᠠᠬᠤ ᠶᠢ ᠬᠡᠷᠡᠭᠵᠢᠭᠦᠯᠵᠦ᠂ | ᠤᠷᠠᠨ ᠵᠢᠷᠤᠭ᠂ ᠳᠠᠭᠤᠤ ᠬᠥᠭᠵᠢᠮ ᠤᠨ ᠲᠥᠷᠥᠯ ᠪᠠ ᠨᠠᠶᠢᠷᠠᠭᠤᠯᠤᠨ ᠤᠳᠤᠷᠢᠳᠤᠭᠠᠴᠢ ᠶᠢᠨ ᠲᠥᠷᠥᠯ ᠤᠨ | ᠲᠤᠰᠬᠠᠶ ᠮᠡᠷᠭᠡᠵᠢᠯ ᠤᠨ ᠬᠢᠴᠢᠶᠡᠯ ᠤᠨ ᠰᠢᠯᠭᠠᠯᠲᠠ ᠳᠤ ᠪᠥᠬᠦ ᠣᠷᠣᠨ ᠤ ᠨᠢᠭᠡᠳᠦᠯᠲᠡᠶ ᠰᠢᠯᠭᠠᠯᠲᠠ ᠶᠢ | ᠦᠷᠭᠦᠯᠵᠢᠯᠡᠨ ᠬᠡᠷᠡᠭᠵᠢᠭᠦᠯᠦᠨ᠎ᠡ᠃ ᠤᠷᠠᠨ ᠵᠢᠷᠤᠭ᠂ ᠳᠠᠭᠤᠤ ᠬᠥᠭᠵᠢᠮ ᠤᠨ ᠲᠥᠷᠥᠯ ᠪᠠ ᠨᠠᠶᠢᠷᠠᠭᠤᠯᠤᠨ | ᠤᠳᠤᠷᠢᠳᠤᠭᠠᠴᠢ ᠶᠢᠨ ᠲᠥᠷᠥᠯ ᠳᠤ ᠪᠠᠭᠲᠠᠬᠤ ᠥᠬᠡᠶ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠨᠢ ᠴᠥᠮ | ᠪᠤᠰᠤᠳ ᠤᠷᠠᠯᠢᠭ ᠤᠨ ᠲᠥᠷᠥᠯ ᠳᠤ ᠪᠠᠭᠲᠠᠨ᠎ᠠ᠃ | ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ | ᠶᠢᠨ ᠲᠥᠪ ᠨᠢ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ᠂ | ᠬᠤᠯᠪᠣᠭᠳᠠᠯ ᠪᠦᠬᠦᠢ ᠡᠩ ᠤᠨ ᠶᠡᠭᠡ ᠳᠡᠭᠡᠳᠦ ᠰᠤᠷᠭᠠᠭᠤᠯᠢ ᠳᠤ ᠮᠡᠳᠡᠭᠳᠡᠯ ᠪᠠᠭᠤᠯᠭᠠᠵᠤ᠂ ᠮᠠᠨ ᠤ ᠣᠷᠣᠨ ᠳᠤ | ᠪᠤᠰᠤᠳ ᠤᠷᠠᠯᠢᠭ ᠤᠨ ᠲᠥᠷᠥᠯ ᠤᠨ ᠲᠥᠯᠥᠪᠯᠡᠭᠡ ᠶᠢ ᠲᠠᠯᠪᠢᠬᠤ ᠪᠠᠷ ᠪᠠᠶᠢᠭ᠎ᠠ ᠣᠷᠣᠨ ᠤ ᠳᠣᠲᠣᠷ ᠭᠠᠳᠠᠨᠠᠬᠢ ᠡᠩ | ᠤᠨ ᠶᠡᠭᠡ ᠳᠡᠭᠡᠳᠦ ᠰᠤᠷᠭᠠᠭᠤᠯᠢ ᠨᠤᠭᠤᠳ ᠵᠠᠷᠴᠢᠮ ᠳᠡᠭᠡᠷ᠎ᠡ ᠪᠠᠨ ᠴᠥᠮ ᠰᠤᠷᠭᠠᠭᠤᠯᠢ ᠶᠢᠨ ᠰᠢᠯᠭᠠᠯᠲᠠ ᠶᠢ | ᠥᠪᠡᠰᠦᠪᠡᠨ ᠵᠣᠬᠢᠶᠠᠨ ᠪᠠᠶᠢᠭᠤᠯᠵᠤ᠂ ᠰᠤᠷᠭᠠᠭᠤᠯᠢ ᠶᠢᠨ ᠰᠢᠯᠭᠠᠯᠲᠠ ᠶᠢᠨ ᠲᠤᠰᠬᠠᠶ ᠮᠡᠷᠭᠡᠵᠢᠯ᠂ ᠲᠥᠯᠥᠪᠯᠡᠭᠡ ᠶᠢᠨ | ᠲᠤᠭ᠎ᠠ᠂ ᠴᠠᠭ ᠪᠠ ᠭᠠᠵᠠᠷ ᠵᠡᠷᠭᠡ ᠪᠠᠨ 2019 ᠣᠨ ᠤ 12 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ | ᠮᠡᠳᠡᠭᠦᠯᠬᠦ ᠬᠡᠷᠡᠭᠲᠡᠶ᠃ ᠪᠤᠰᠤᠳ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠦᠭᠰᠡᠨ | ᠰᠢᠯᠭᠠᠭᠤᠯᠤᠭᠴᠢ ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠶᠢ ᠥᠪᠡᠰᠦᠪᠡᠨ ᠰᠣᠩᠭᠤᠵᠤ ᠰᠤᠷᠭᠠᠭᠤᠯᠢ ᠶᠢᠨ | ᠰᠢᠯᠭᠠᠯᠲᠠ ᠳᠤ ᠣᠷᠣᠯᠴᠠᠵᠤ ᠪᠣᠯᠣᠨ᠎ᠠ ᠭᠡᠵᠡᠢ᠃ | |