ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠦᠷᠦᠭᠦᠬᠡᠨ ︽ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠠᠵᠢᠯ ᠢ | ᠵᠢᠷᠤᠮᠵᠢᠭᠤᠯᠬᠤ ᠲᠤᠬᠠᠢ ᠮᠡᠳᠡᠭᠳᠡᠯ︾ ᠨᠡᠶᠢᠲᠡᠯᠡᠵᠦ᠂ ᠡᠯ᠎ᠡ ᠭᠠᠵᠠᠷ ᠤᠨ ᠬᠢᠨ ᠪᠠᠯᠠ ᠮᠦᠩᠭᠦᠨ ᠤ ᠵᠠᠷᠤᠯᠭ᠎ᠠ ᠶᠢᠨ | ᠪᠦᠲᠦᠴᠡ ᠪᠠᠨ ᠢᠳᠡᠪᠬᠢᠲᠡᠢ ᠲᠣᠬᠢᠷᠠᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ | ᠰᠠᠯᠭᠠᠨ ᠥᠭᠬᠦ ᠠᠵᠢᠯᠯᠠᠭᠠᠨ ᠤ ᠲᠣᠭᠲᠠᠴᠠ ᠶᠢ ᠪᠥᠷᠢᠨᠰᠢᠭᠦᠯᠥᠨ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠴᠠᠭ ᠲᠤᠬᠠᠶ ᠳᠤ ᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ | ᠦᠨᠡᠨ ᠬᠦ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠴᠠᠭ ᠲᠤᠬᠠᠶ ᠳᠤ | ᠨᠢ ᠲᠤᠭ᠎ᠠ ᠶᠣᠰᠣᠭᠠᠷ ᠭᠦᠢᠴᠡᠳ ᠣᠯᠭᠤᠭᠰᠠᠨ ᠥᠬᠡᠶ ᠲᠡᠳᠡᠭᠡᠷ ᠬᠤᠰᠢᠭᠤ ᠰᠢᠶᠠᠨ ︵ᠬᠤᠲᠠ᠂ ᠲᠣᠭᠤᠷᠢᠭ︶ ᠢ | ᠠᠵᠢᠯ ᠢᠶᠠᠨ ᠬᠢᠭᠰᠡᠨ ᠦᠭᠡᠢ ᠪᠣᠶᠣ ᠠᠯᠭᠤᠷ ᠬᠢᠭᠰᠡᠨ ᠢᠶᠠᠷ ᠦᠵᠡᠵᠦ ᠬᠠᠮᠢᠶ᠎ᠠ ᠪᠦᠬᠦᠢ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠷᠢᠭᠤᠴᠠᠯᠭ᠎ᠠ ᠲᠤᠯᠭᠠᠨ᠎ᠠ᠃ | ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠠᠷᠠᠳ ᠤᠨ ᠶᠠᠪᠤᠳᠠᠯ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠣᠯᠭᠤᠬᠤ | ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠳ ᠰᠠᠷ᠎ᠠ ᠪᠦᠷᠢ ︵ᠤᠯᠠᠷᠢᠯ︶ ᠶᠢᠨ ᠰᠡᠭᠦᠯᠴᠢ ᠠᠴᠠ ᠡᠮᠦᠨ᠎ᠡ ᠳᠠᠷᠠᠭ᠎ᠠ ᠰᠠᠷ᠎ᠠ ︵ | ᠤᠯᠠᠷᠢᠯ︶ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠥᠮᠦᠰ ᠲᠤ ᠣᠯᠭᠤᠬᠤ ᠨᠠᠷᠢᠨ ᠳᠠᠩᠰᠠ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠢᠶᠠᠷ | ᠳᠠᠮᠵᠢᠭᠤᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠩᠭᠠᠵᠤ ᠥᠭᠬᠦ ᠶᠢᠨ ᠬᠠᠮᠲᠤ ᠪᠠᠶᠢᠴᠠᠭᠠᠵᠤ | ᠪᠣᠯᠬᠤ ᠣᠷᠣᠮ ᠦᠯᠡᠳᠡᠭᠡᠬᠦ ᠶᠢ ᠦᠨᠡᠨᠬᠦ ᠪᠠᠲᠤᠯᠠᠬᠤ ᠬᠡᠷᠡᠭᠲᠡᠶ︔ ᠬᠤᠰᠢᠭᠤ ᠰᠢᠶᠠᠨ ︵ᠬᠤᠲᠠ᠂ ᠲᠣᠭᠤᠷᠢᠭ︶ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠮᠡᠳᠡᠭᠦᠯᠦᠭᠰᠡᠨ | ᠪᠠᠲᠤᠯᠠᠭ᠎ᠠ ᠶᠢᠨ ᠬᠥᠮᠦᠰ ᠤᠨ ᠨᠠᠷᠢᠨ ᠳᠠᠩᠰᠠ ᠶᠢ ᠴᠢᠩᠭ᠎ᠠ ᠵᠢᠷᠤᠮᠯᠠᠨ ᠰᠠᠷ᠎ᠠ ᠪᠦᠷᠢ ︵ᠤᠯᠠᠷᠢᠯ ᠤᠨ ᠲᠦᠷᠦᠭᠦᠤ | ᠰᠠᠷ᠎ᠠ︶ ᠶᠢᠨ 10 ᠤ ᠡᠳᠦᠷ ᠠᠴᠠ ᠡᠮᠦᠨ᠎ᠡ ᠲᠣᠰ ᠰᠠᠷ᠎ᠠ ︵ᠤᠯᠠᠷᠢᠯ︶ ᠶᠢᠨ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠢ ᠡᠳ᠋ ᠤᠨ ᠵᠠᠰᠠᠭ ᠤᠨ ︽ᠪᠦᠬᠦᠨ ᠳᠤ | ᠲᠣᠬᠢᠷᠠᠬᠤ ᠺᠠᠷᠲ︾ ᠢᠶᠠᠷ ᠳᠠᠮᠵᠢᠭᠤᠯᠤᠨ ᠣᠯᠭᠤᠬᠤ ᠬᠡᠷᠡᠭᠲᠡᠶ᠃ ᠡᠯ᠎ᠡ ᠠᠶᠢᠮᠠᠭ ᠬᠤᠲᠠ ᠨᠤᠭᠤᠳ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠪᠡᠯᠡ | ᠮᠥᠩᠭᠦ ᠣᠯᠭᠤᠬᠤ ᠶᠢ ᠪᠣᠳᠠᠲᠠᠶᠢᠵᠢᠭᠤᠯᠤᠭᠰᠠᠨ ᠤ ᠳᠠᠷᠠᠭ᠎ᠠ᠂ ᠪᠡᠯᠡ ᠮᠥᠩᠭᠦ ᠣᠯᠭᠤᠭᠰᠠᠨ ᠪᠠᠩᠬᠢ ᠶᠢᠨ | ᠡᠷᠭᠢᠯᠲᠡ ᠶᠢᠨ ᠳᠠᠩᠰᠠ ᠶᠢᠨ ᠵᠠᠭᠪᠤᠷ ᠢ PDF ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠳᠤ ᠴᠠᠭ ᠲᠤᠬᠠᠶ ᠳᠤ ᠨᠢ ᠡᠭᠡᠭᠦᠯᠦᠨ ᠬᠦᠷᠭᠡᠬᠦ ᠬᠡᠷᠡᠭᠲᠡᠶ᠃ ᠡᠭᠦᠨ ᠤ ᠬᠠᠮᠲᠤ᠂ ᠡᠯ᠎ᠡ | ᠠᠶᠢᠮᠠᠭ ᠬᠤᠲᠠ ᠨᠤᠭᠤᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠶᠢ ᠬᠢᠨᠠᠨ | ᠪᠠᠶᠢᠴᠠᠭᠠᠬᠤ ᠳᠦᠷᠢᠮ ᠢ ᠪᠠᠶᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢᠨ ᠺᠠᠷᠲ | ᠪᠠ ᠡᠷᠦᠬᠡ ᠳᠤ ᠬᠦᠷᠭᠡᠭᠰᠡᠨ ᠪᠠᠶᠢᠳᠠᠯ ᠢ ᠨᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠵᠤ᠂ | ᠬᠠᠷᠢᠭᠤᠴᠠᠯᠭ᠎ᠠ ᠶᠢ ᠲᠣᠳᠣᠷᠬᠠᠶᠢᠯᠠᠨ᠂ ᠲᠤᠰᠬᠠᠢ ᠠᠵᠢᠯᠲᠠᠨ ᠲᠣᠮᠢᠯᠠᠨ ᠲᠣᠰ ᠭᠠᠵᠠᠷ ᠣᠷᠣᠨ ᠤ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠣᠯᠭᠤᠬᠤ ᠳᠤ ᠬᠢᠨᠠᠯᠲᠠ ᠲᠠᠯᠪᠢᠬᠤ ᠪᠠ ᠨᠠᠢᠳᠠᠪᠤᠷᠢᠵᠢᠭᠤᠯᠬᠤ ᠶᠢ | ᠪᠣᠳᠠᠲᠠᠢ ᠬᠠᠷᠢᠭᠤᠴᠠᠬᠤ ᠬᠡᠷᠡᠭᠲᠡᠢ ᠭᠡᠵᠡᠢ᠃ |