ᠪᠦ᠋ ᠰᠢᠶᠤᠤ ᠯᠢᠨ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶ᠎ᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠠᠨ ᠨᠢ ᠭᠤᠤᠯ ᠵᠠᠭᠤᠴᠢᠯᠠᠭᠤᠷ ᠤᠨ ᠤᠬᠠᠭᠤᠯᠵᠥ ᠬᠦᠳᠦᠯᠦᠨ ᠵᠢᠯᠤᠭᠤᠳᠬᠤ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2019/10/25
     10 ᠰᠠᠷ᠎ᠠ ᠶᠢᠨ 23᠎ ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶ᠎ᠠ ᠳᠤ ᠬᠦᠷᠴᠤ ᠪᠠᠶᠢᠴᠠᠭᠠᠨ ᠰᠤᠳᠤᠯᠤᠯᠳᠠ ᠬᠢᠵᠥ᠂ ᠭᠤᠤᠯ ᠵᠠᠭᠤᠴᠢᠯᠠᠭᠤᠷ ᠤᠨ ᠤᠬᠠᠭᠤᠯᠵᠥ ᠬᠦᠳᠦᠯᠦᠨ ᠵᠢᠯᠤᠭᠤᠳᠬᠤ ᠦᠢᠯᠡᠳᠦᠯ ᠢ ᠬᠦᠢᠴᠡᠳ ᠪᠠᠳᠠᠷᠠᠭᠤᠯᠵᠥ᠂ ᠭᠦᠨᠵᠡᠭᠡᠶᠢᠷᠡᠬᠦ ᠴᠢᠳᠠᠪᠤᠷᠢ᠂ ᠠᠵᠢᠬᠯᠠᠬᠤ ᠴᠢᠳᠠᠪᠤᠷᠢ᠂ ᠰᠡᠳᠭᠢᠬᠦ ᠴᠢᠳᠠᠪᠤᠷᠢ᠂ ᠪᠢᠴᠢᠬᠦ ᠴᠢᠳᠠᠪᠤᠷᠢ ᠪᠠᠨ ᠳᠠᠰᠤᠷᠠᠯᠳᠠ ᠦᠬᠡᠢ ᠴᠢᠩᠭᠠᠳᠬᠠᠵᠥ᠂ ᠳᠤᠮᠳᠠᠳᠤ ᠤᠯᠤᠰ ᠤᠨ ᠦᠯᠢᠬᠡᠷ ᠢ ᠰᠠᠶᠢᠳᠤᠷ ᠶᠠᠷᠢᠵᠥ᠂ ᠦᠪᠦᠷ ᠮᠤᠩᠭᠤᠯ ᠤᠨ ᠦᠯᠢᠬᠡᠷ ᠢ ᠰᠠᠶᠢᠳᠤᠷ ᠶᠠᠷᠢᠬᠤ ᠬᠡᠷᠡᠭᠳᠡᠢ ᠬᠡᠵᠥ ᠴᠢᠬᠤᠯᠠᠴᠢᠯᠠᠪᠠ᠃      ᠮᠤᠩᠭᠤᠯ ᠤᠳᠤᠨ ᠲᠧᠯᠸᠢᠰ ᠪᠤᠯ ᠤᠯᠤᠰ ᠤᠨ ᠳᠤᠳᠤᠭᠠᠳᠤ ᠶᠢᠨ ᠭᠤᠤᠯ ᠪᠤᠯᠬᠤ ᠮᠤᠩᠭᠤᠯ ᠬᠡᠯᠡᠨ ᠤ ᠲᠧᠯᠸᠢᠰ ᠫᠷᠦᠭᠷᠠᠮ ᠬᠡᠪᠴᠢᠶᠡᠵᠢᠬᠦᠯᠦᠨ ᠦᠢᠯᠡᠳᠬᠦ ᠰᠠᠭᠤᠷᠢᠨ ᠪᠤᠯᠤᠨ᠎ᠠ᠂ ᠤᠳᠤᠬᠠᠨ ᠳᠤ ᠳᠠᠮᠵᠢᠭᠤᠯᠬᠤ ᠬᠦᠷᠢᠶ᠎ᠠ ᠬᠡᠪᠴᠢᠶ᠎ᠠ ᠨᠢ ᠠᠽᠢᠶ᠎ᠠ ᠳᠢᠪ ᠨᠤᠮᠤᠬᠠᠨ ᠳᠠᠯᠠᠢ ᠶᠢᠨ ᠤᠷᠤᠨ ᠤ 53 ᠤᠯᠤᠰ ᠪᠠ ᠭᠠᠵᠠᠷ ᠤᠷᠤᠨ ᠢ ᠪᠦᠷᠬᠦᠵᠤ ᠪᠤᠢ᠃ ᠪᠦ᠋ ᠰᠢᠶᠤᠤ ᠯᠢᠨ ᠤᠷᠢᠳ ᠬᠤᠵᠢᠳ ᠮᠤᠩᠭᠤᠯ ᠤᠳᠤᠨ ᠰᠤᠪᠠᠭ ᠤᠨ ᠫᠷᠦᠭᠷᠠᠮ ᠦᠢᠯᠡᠳᠴᠤ ᠨᠡᠪᠳᠡᠷᠡᠬᠦᠯᠬᠦ ᠮᠠᠰᠢᠨ ᠎ ᠤ ᠳᠠᠰᠤᠭ ᠪᠤᠯᠤᠨ ᠨᠡᠪᠳᠡᠷᠡᠬᠦᠯᠭᠡ ᠶᠢᠨ ᠳᠠᠰᠤᠭ ᠲᠤ ᠬᠦᠷᠴᠤ᠂ ᠫᠷᠦᠭᠷᠠᠮ ᠦᠢᠯᠡᠳᠬᠦ ᠪᠠ ᠨᠡᠪᠳᠡᠷᠡᠬᠦᠯᠬᠦ ᠶᠠᠪᠤᠴᠠ ᠶᠢ ᠨᠠᠷᠢᠯᠢᠭ ᠦᠢᠯᠠᠭᠠᠪᠠ᠃ ᠳᠡᠷᠡ᠂ ᠮᠤᠩᠭᠤᠯ ᠤᠳᠤᠨ ᠲᠧᠯᠸᠢᠰ ᠪᠤᠯ ᠤᠯᠤᠰ ᠤᠨ ᠳᠤᠳᠤᠭᠠᠳᠤ ᠭᠠᠳᠠᠭᠠᠳᠤ ᠶᠢᠨ ᠮᠤᠩᠭᠤᠯ ᠦᠵᠡᠭᠴᠢᠳ ᠲᠤ ᠬᠠᠨᠳᠤᠭᠤᠯᠤᠬᠰᠠᠨ ᠶᠡᠷᠦᠩᠬᠡᠶᠢᠯᠡᠭᠰᠡᠨ ᠴᠢᠨᠠᠷᠳᠠᠢ ᠰᠤᠪᠠᠭ ᠮᠦᠨ᠂ ᠪᠠᠰᠠ ᠴᠤ ᠳᠤᠮᠳᠠᠳᠤ ᠤᠯᠤᠰ ᠢ ᠤᠬᠠᠭᠤᠯᠬᠤ᠂ ᠦᠪᠦᠷ ᠮᠤᠩᠭᠤᠯ ᠢ ᠤᠬᠠᠭᠤᠯᠬᠤ ᠴᠢᠬᠤᠯᠠ ᠴᠤᠩᠬᠤᠪᠴᠢ ᠮᠦᠨ᠃ ᠳᠤᠳᠤᠭᠠᠳᠤ ᠳᠠᠭᠠᠨ ᠪᠤᠯ ᠬᠦᠳᠦᠯᠦᠨ ᠵᠢᠯᠤᠭᠤᠳᠴᠤ ᠬᠦᠳᠦᠯᠦᠨ ᠳᠠᠭᠠᠭᠤᠯᠬᠤ ᠦᠢᠯᠡᠳᠦᠯ ᠢᠶᠠᠨ ᠴᠢᠩᠭᠠᠳᠬᠠᠵᠥ᠂ ᠰᠤᠶᠤᠯ ᠤᠨ ᠰᠤᠯᠢᠯᠴᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠳᠦᠬᠡᠮᠡᠯᠵᠢᠬᠦᠯᠦᠯᠳᠡ ᠶᠢ ᠠᠬᠢᠭᠤᠯᠵᠥ᠂ ᠦᠷᠬᠡᠨ ᠤᠯᠠᠨ ᠮᠤᠩᠭᠤᠯ ᠦᠨᠳᠦᠰᠦᠳᠡᠨ ᠤ ᠤᠯᠠᠨ ᠳᠦᠮᠡᠨ ᠳᠤ ᠰᠠᠶᠢᠳᠤᠷ ᠦᠢᠯᠡᠴᠢᠯᠡᠬᠦ ᠬᠡᠷᠡᠭᠳᠡᠢ︔ ᠭᠠᠳᠠᠭᠠᠳᠤ ᠳᠤ ᠪᠤᠯ ᠳᠤᠮᠳᠠᠳᠤ ᠤᠯᠤᠰ ᠤᠨ ᠦᠯᠢᠬᠡᠷ ᠢ ᠰᠠᠶᠢᠳᠤᠷ ᠶᠠᠷᠢᠵᠥ᠂ ᠦᠪᠦᠷ ᠮᠤᠩᠭᠤᠯ ᠤᠨ ᠦᠯᠢᠬᠡᠷ ᠢ ᠰᠠᠶᠢᠳᠤᠷ ᠶᠠᠷᠢᠵᠥ᠂ ᠳᠤᠮᠳᠠᠳᠤ ᠤᠯᠤᠰ ᠤᠨ ᠰᠢᠯᠢᠳᠡᠭ ᠰᠤᠶᠤᠯ᠂ ᠬᠦᠭᠵᠢᠯᠳᠡ ᠶᠢᠨ ᠠᠮᠵᠢᠯᠳᠡ ᠪᠦᠳᠦᠮᠵᠢ ᠵᠢᠴᠢ ᠦᠪᠦᠷ ᠮᠤᠩᠭᠤᠯ ᠤᠨ ᠠᠮᠢ ᠠᠬᠤᠢ ᠶᠢᠨ ᠬᠠᠮᠠᠭᠠᠯᠠᠯᠳᠠ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ᠂ ᠤᠶᠤᠨᠯᠢᠬ ᠮᠠᠯᠵᠢᠯ ᠤᠨ ᠳᠠᠯᠠᠪᠠᠢ ᠵᠡᠷᠬᠡ ᠳᠠᠯ᠎ᠠ ᠶᠢᠨ ᠰᠠᠶᠢᠨ ᠳᠤᠷᠰᠢᠯᠭ᠎ᠠ᠂ ᠰᠠᠶᠢᠨ ᠠᠷᠭ᠎ᠠ ᠬᠢᠳᠡᠯ ᠢ ᠤᠬᠠᠭᠤᠯᠵᠥ᠂ ᠤᠯᠤᠰ ᠎ ᠤᠨ ᠳᠤᠳᠤᠭᠠᠳᠤ ᠭᠠᠳᠠᠭᠠᠳᠤ ᠶᠢᠨ ᠬᠢᠨ ᠳᠤ ᠳᠤᠮᠳᠠᠳᠤ ᠤᠯᠤᠰ ᠪᠤᠯᠤᠨ ᠦᠪᠦᠷ ᠮᠤᠩᠭᠤᠯ ᠢ ᠨᠡᠩ ᠬᠦᠨᠵᠡᠬᠡᠢ᠂ ᠨᠡᠩ ᠪᠦᠬᠦ ᠳᠠᠯ᠎ᠠ ᠪᠠᠷ ᠦᠢᠯᠠᠭᠠᠭᠤᠯᠬᠤ ᠬᠡᠷᠡᠭᠳᠡᠢ ᠬᠡᠪᠡ᠃    ᠮᠤᠩᠭᠤᠯ ᠷᠠᠳᠢᠣ᠋ ᠶᠢᠨ ᠰᠢᠭᠤᠳ ᠨᠡᠪᠳᠡᠷᠡᠬᠦᠯᠭᠡ ᠶᠢᠨ ᠳᠠᠰᠤᠭ ᠲᠤ᠂ ᠪᠢᠴᠢᠬᠠᠨ ᠬᠡᠦᠬᠡᠳ ᠤᠳ ᠮᠤᠩᠭᠤᠯ ᠬᠡᠯᠡ ᠪᠠᠷ ᠫᠷᠦᠭᠷᠡᠮ ᠰᠢᠩᠬᠡᠬᠡᠨ ᠦᠢᠯᠡᠳᠴᠤ ᠪᠠᠶᠢᠪᠠ᠂ ᠪᠦ᠋ ᠰᠢᠶᠤᠤ ᠯᠢᠨ ᠤᠯᠠᠨ ᠲᠠᠢ ᠮᠠᠰᠢ ᠤᠷᠮ᠎ᠠ ᠲᠠᠢ ᠶᠠᠷᠢᠯᠴᠠᠵᠥ᠂ ᠬᠡᠦᠬᠡᠳ ᠤᠨ ᠨᠡᠪᠲᠡᠷᠡᠭᠦᠯᠭᠡ ᠨᠢ ᠤᠬᠠᠭᠤᠯᠭ᠎ᠠ ᠶᠢᠨ ᠳᠠᠪᠴᠠᠩ ᠢ ᠠᠰᠢᠬᠯᠠᠨ ᠪᠢᠴᠢᠬᠠᠨ ᠬᠡᠦᠬᠡᠳ ᠎ ᠤᠳ ᠲᠤ ᠮᠤᠩᠭᠤᠯ ᠬᠡᠯᠡ ᠵᠢᠭᠠᠵᠥ ᠪᠠᠶᠢᠬᠤ ᠶᠢ ᠦᠢᠯᠠᠭᠠᠵᠤ ᠮᠡᠳᠡᠭᠡᠳ ᠳᠦᠢᠯ ᠢᠶᠠᠷ ᠪᠠᠶᠠᠷᠯᠠᠵᠥ᠂ ᠲᠡᠳᠡᠨᠡᠷ ᠢ ᠴᠢᠷᠮᠠᠶᠢᠨ ᠰᠤᠷᠤᠯᠴᠠᠭᠠᠷᠠᠢ ᠬᠡᠮᠡᠨ ᠵᠤᠷᠢᠬᠵᠢᠭᠤᠯᠵᠥ᠂ ᠠᠵᠢᠯᠳᠡᠨ ᠢ ᠨᠡᠩ ᠰᠢᠯᠢᠳᠡᠭ ᠫᠷᠦᠭᠷᠠᠮ ᠨᠠᠶᠢᠷᠠᠭᠤᠯᠵᠤ ᠦᠢᠯᠡᠳᠬᠦ ᠶᠢ ᠵᠤᠷᠢᠬᠵᠢᠭᠤᠯᠪᠠ᠃ ᠳᠡᠷᠡ ᠪᠠᠰᠠ ᠬᠢᠳᠠᠳ ᠤᠳᠤᠨ ᠲᠧᠯᠸᠢᠰ ᠤᠨ ᠦᠢᠯᠡᠳᠴᠤ ᠨᠡᠪᠳᠡᠷᠡᠬᠦᠯᠬᠦ ᠮᠠᠰᠢᠨ ᠎ ᠤ ᠳᠠᠰᠤᠭ ᠲᠤ ᠬᠦᠷᠴᠤ᠂ ᠠᠵᠢᠯᠳᠠᠳ ᠲᠠᠢ ᠳᠤᠳᠤᠨᠤ ᠪᠠᠷ ᠰᠠᠨᠠᠯ ᠢᠶᠠᠨ ᠰᠤᠯᠢᠯᠴᠠᠵᠥ᠂ ᠳᠡᠳᠡᠨᠡᠷ ᠢ ᠴᠢᠷᠮᠠᠶᠢᠨ ᠠᠵᠢᠯᠯᠠᠵᠥ᠂ ᠢᠳᠡᠪᠬᠢᠳᠡᠢ ᠪᠠᠷ ᠰᠢᠨ᠎ᠡ ᠶᠢ ᠡᠬᠦᠳᠴᠤ᠂ ᠷᠠᠳᠢᠣ᠋ ᠲᠧᠯᠸᠢᠰ ᠤᠨ ᠦᠢᠯᠡᠰ ᠤᠨ ᠬᠦᠭᠵᠢᠯᠳᠡ ᠶᠢᠨ ᠳᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠵᠥ᠂ ᠰᠤᠨᠢᠨ ᠮᠡᠳᠡᠬᠡᠯᠡᠯ ᠤᠨ ᠨᠦᠯᠦᠬᠡᠯᠡᠬᠦ ᠬᠦᠴᠦᠨ ᠢᠶᠠᠨ ᠳᠠᠰᠤᠷᠠᠯᠳᠠ ᠦᠬᠡᠢ ᠴᠢᠩᠭᠠᠳᠬᠠᠵᠥ᠂ ᠰᠤᠨᠢᠨ ᠮᠡᠳᠡᠬᠡᠨ ᠤ ᠵᠠᠭᠤᠴᠢᠯᠠᠭᠤᠷ ᠤᠨ ᠢᠳᠡᠬᠡᠬᠦᠯᠬᠦ ᠬᠦᠴᠦᠨ ᠪᠠ ᠨᠦᠯᠦᠬᠡᠯᠡᠬᠦ ᠬᠦᠴᠦᠨ ᠎ ᠢ ᠳᠡᠬᠡᠭᠰᠢᠯᠡᠬᠦᠯᠦᠭᠡᠷᠡᠢ ᠬᠡᠵᠥ ᠬᠦᠰᠡᠪᠡ᠃      ᠪᠦ᠋ ᠰᠢᠶᠤᠤ ᠯᠢᠨ᠂ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶ᠎ᠠ ᠦᠪᠡᠷᠳᠡᠬᠡᠨ ᠵᠠᠰᠠᠬᠤ ᠤᠷᠤᠨ ᠤ ᠭᠤᠤᠯ ᠵᠠᠭᠤᠴᠢᠯᠠᠭᠤᠷ ᠤᠨ ᠨᠢᠬᠡ ᠪᠤᠯᠤᠬᠰᠠᠨ ᠤ ᠬᠤᠪᠢ ᠳᠤ᠂ ᠳᠦᠪ ᠤᠨ ᠵᠤᠷᠢᠭ ᠰᠠᠨᠠᠭ᠎ᠠ ᠶᠢ ᠳᠠᠮᠵᠢᠭᠤᠯᠬᠤ᠂ ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠶᠢᠨ ᠠᠮᠵᠢᠯᠳᠠ ᠪᠦᠳᠦᠮᠵᠢ ᠶᠢ ᠤᠬᠠᠭᠤᠯᠬᠤ ᠡᠬᠦᠷᠬᠡ ᠶᠢ ᠡᠬᠦᠷᠬᠡᠯᠡᠵᠥ ᠪᠠᠶᠢᠭ᠎ᠠ ᠶᠤᠮ᠂ ᠪᠦᠬᠦ ᠤᠯᠤᠰ ᠤᠨ ᠬᠦᠭᠵᠢᠯᠳᠡ ᠶᠢᠨ ᠶᠡᠭᠡ ᠳᠠᠯ᠎ᠠ ᠳᠠᠬᠢ ᠦᠪᠦᠷ ᠮᠤᠩᠭᠤᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠳᠤᠬᠳᠠᠭᠠᠯᠳᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠭᠤᠤᠯ ᠠᠵᠢᠯ ᠢᠶᠠᠷ ᠴᠢᠩᠭ᠎ᠠ ᠭᠤᠤᠯᠳᠠᠭᠤᠯᠵᠤ ᠤᠬᠠᠭᠤᠯᠭ᠎ᠠ ᠮᠡᠳᠡᠬᠡᠯᠡᠯ ᠤᠨ ᠠᠵᠢᠯ ᠦᠷᠨᠢᠬᠦᠯᠵᠥ᠂ ᠨᠠᠶᠢᠬᠡᠮ ᠲᠠᠶᠠᠭᠠᠷ ᠢ ᠬᠦᠳᠦᠯᠤᠨ ᠵᠢᠯᠤᠭᠤᠳᠴᠤ ᠰᠢᠨ᠎ᠡ ᠬᠦᠭᠵᠢᠯᠳᠡ ᠶᠢᠨ ᠦᠢᠯᠡᠭᠠᠬᠳᠠᠬᠤᠨ ᠢ ᠪᠠᠳᠤ ᠪᠤᠢ ᠪᠤᠯᠭᠠᠵᠤ᠂ ᠪᠦᠬᠦ ᠤᠷᠤᠨ ᠤ ᠠᠵᠥ ᠠᠬᠤᠢ ᠨᠡᠶᠢᠬᠡᠮ ᠤᠨ ᠬᠦᠭᠵᠢᠯᠳᠡ ᠳᠤ ᠶᠠᠷᠢᠶ᠎ᠠ ᠬᠡᠯᠡᠯᠴᠡᠬᠡᠨ ᠤ ᠰᠠᠶᠢᠨ ᠰᠠᠶᠢᠬᠠᠨ ᠤᠷᠴᠢᠨ ᠨᠦᠬᠦᠴᠡᠯ ᠢ ᠪᠦᠷᠢᠯᠳᠦᠭᠦᠯᠵᠤ ᠦᠭᠭᠦ ᠬᠡᠷᠡᠭᠳᠡᠢ ᠬᠡᠵᠥ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号