ᠥᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ︽ᠮᠠᠨ ᠤ ᠤᠷᠤᠨ ᠤ ᠪᠤᠲᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠤᠯᠠᠮᠵᠢᠯᠠᠬᠤ ᠪᠠ ᠠᠰᠢᠬᠯᠠᠬᠤ ᠶᠢ ᠴᠢᠩᠭᠠᠳᠬᠠᠬᠤ︾ ᠰᠠᠷ᠎ᠠ ᠎ ᠶᠢᠨ ᠵᠦᠪᠯᠡᠵᠤ ᠶᠠᠷᠢᠯᠴᠠᠬᠤ ᠬᠤᠷᠠᠯ ᠬᠢᠪᠡ  ᠵᠧᠩ ᠹᠦ᠋ ᠲᠢᠶᠠᠨ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/10/28
     10 ᠰᠠᠷ᠎ᠠ ᠶᠢᠨ 25᠎ ᠤ ᠡᠲᠦᠷ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ︽ᠮᠠᠨ ᠤ ᠤᠷᠤᠨ ᠤ ᠪᠤᠲᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠤᠯᠠᠮᠵᠢᠯᠠᠬᠤ ᠪᠠ ᠠᠰᠢᠬᠯᠠᠬᠤ ᠶᠢ ᠴᠢᠩᠭᠠᠳᠬᠠᠬᠤ︾ ᠰᠠᠷ᠎ᠠ ᠶᠢᠨ ᠵᠦᠪᠯᠡᠵᠤ ᠶᠠᠷᠢᠯᠴᠠᠬᠤ ᠬᠤᠷᠠᠯ ᠬᠢᠪᠡ᠃      ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠵᠧᠩ ᠹᠦ᠋ ᠲᠢᠶᠠᠨ ᠶᠠᠷᠢᠯᠴᠠᠬᠤ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠦᠪᠡᠷᠲᠡᠭᠡᠨ ᠵᠠᠰᠬᠠᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠤᠨ ︽ᠮᠠᠨ ᠤ ᠤᠷᠤᠨ ᠤ ᠪᠤᠲᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠤᠯᠠᠮᠵᠢᠯᠠᠬᠤ ᠪᠠ ᠠᠰᠢᠬᠯᠠᠬᠤ ᠶᠢ ᠴᠢᠩᠭᠠᠳᠬᠠᠬᠤ︾ ᠲᠤᠬᠠᠢ ᠦᠨᠳᠦᠰᠦᠨ ᠪᠠᠶᠢᠲᠠᠯ ᠤᠨ ᠨᠡᠶᠢᠲᠡᠯᠡᠯ᠂ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠦᠬᠡ ᠪᠠ ᠰᠤᠷᠤᠯᠴᠠᠯᠭ᠎ᠠ ᠶᠢᠨ ᠵᠦᠪᠯᠡᠯ ᠤᠨ ᠪᠠᠶᠢᠴᠠᠭᠠᠨ ᠰᠤᠳᠤᠯᠤᠯᠲᠠ ᠶᠢᠨ ᠲᠤᠬᠠᠢ ᠬᠠᠮᠢᠶ᠎ᠠ ᠪᠦᠬᠦᠢ ᠲᠤᠲᠤᠷᠬᠠᠢᠢᠯᠠᠯᠲᠠ ᠶᠢ ᠰᠤᠨᠤᠰᠴᠠᠢ᠃ ᠬᠡᠰᠡᠭ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ᠂ ᠲᠤᠰᠬᠠᠢ ᠮᠡᠷᠭᠡᠵᠢᠯᠲᠡᠨ ᠪᠠ ᠤᠯᠠᠮᠵᠢᠯᠠᠨ ᠵᠠᠯᠭᠠᠮᠵᠢᠯᠠᠬᠴᠢ ᠶᠢᠨ ᠲᠦᠯᠦᠭᠡᠯᠡᠭᠴᠢ ᠪᠤᠳᠤᠯ ᠰᠠᠨᠠᠯ ᠢᠶᠠᠨ ᠰᠤᠯᠢᠯᠴᠠᠭᠰᠠᠨ ᠪᠦᠭᠡᠳ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠲᠠᠢ ᠬᠠᠷᠢᠯᠴᠠᠨ ᠵᠦᠪᠳᠡᠯᠴᠡᠵᠡᠢ᠃      ᠬᠤᠷᠠᠯ ᠠᠴᠠ᠂ ᠮᠠᠨ ᠤ ᠤᠷᠤᠨ ᠤ ᠪᠤᠲᠠᠰ ᠤᠨ ᠪᠤᠰᠤ ᠰᠤᠶᠤᠯ ᠤᠨ ᠦᠪ ᠤᠨ ᠡᠬᠢ ᠪᠠᠶᠠᠯᠢᠭ ᠡᠯᠪᠡᠭ ᠪᠦᠭᠡᠳ ᠦᠪᠡᠷᠮᠢᠴᠡ ᠪᠠᠶᠢᠵᠦ᠂ ᠮᠠᠨ ᠤ ᠤᠷᠤᠨ ᠤ ᠪᠤᠲᠠᠰ ᠤᠨ ᠪᠤᠰᠤ ᠰᠤᠶᠤᠯ ᠤᠨ ᠦᠪ ᠢ ᠰᠠᠶᠢᠲᠦᠷ ᠬᠠᠮᠠᠭᠠᠯᠠᠬᠤ ᠪᠠ ᠠᠰᠢᠬᠯᠠᠬᠤ ᠨᠢ ᠤᠷᠢᠲᠤᠬᠢ ᠬᠦᠮᠦᠰ ᠤᠨ ᠤᠶᠤᠨ ᠤᠬᠠᠭᠠᠨ ᠢ ᠤᠯᠠᠮᠵᠢᠯᠠᠨ᠂ ᠰᠤᠶᠤᠯ ᠤᠨ ᠭᠠᠯ ᠢ ᠦᠷᠭᠦᠯᠵᠢᠯᠡᠭᠦᠯᠵᠦ᠂ ᠦᠨᠳᠦᠰᠦᠲᠡᠨ ᠤ ᠢᠲᠡᠭᠡᠯ ᠵᠤᠷᠢᠭ ᠪᠠ ᠨᠢᠬᠲᠠᠷᠠᠯ ᠤᠨ ᠬᠦᠴᠦᠨ ᠢ ᠴᠢᠩᠭᠠᠷᠠᠭᠤᠯᠬᠤ ᠳᠤ ᠴᠢᠬᠤᠯᠠ ᠠᠴᠢ ᠬᠤᠯᠪᠤᠬᠲᠠᠯ ᠲᠠᠢ ᠬᠡᠵᠦ ᠦᠵᠡᠵᠡᠢ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠪᠤᠲᠠᠰ ᠤᠨ ᠪᠤᠰᠤ ᠰᠤᠶᠤᠯ ᠤᠨ ᠦᠪ ᠢ ᠪᠠᠭᠲᠠᠭᠠᠬᠰᠠᠨ ᠦᠨᠳᠦᠰᠦᠲᠡᠨ ᠤ ᠰᠢᠯᠢᠲᠡᠭ ᠰᠤᠶᠤᠯ ᠢ ᠬᠠᠮᠠᠭᠠᠯᠠᠬᠤ ᠤᠯᠠᠮᠵᠢᠯᠠᠬᠤ ᠪᠠ ᠠᠰᠢᠬᠯᠠᠬᠤ ᠠᠵᠢᠯ ᠤᠨ ᠲᠤᠬᠠᠢ ᠲᠠᠨᠢᠯᠲᠠ ᠪᠠᠨ ᠨᠠᠩ ᠲᠡᠭᠡᠭᠰᠢᠯᠡᠭᠦᠯᠵᠦ᠂ ᠲᠤᠲᠠᠭᠤᠲᠠᠯ ᠢᠶᠠᠨ ᠴᠢᠷᠮᠠᠶᠢᠨ ᠨᠦᠬᠦᠪᠦᠷᠢᠯᠡᠵᠦ᠂ ᠪᠡᠯᠡ ᠤᠷᠤᠭᠤᠯᠤᠯᠲᠠ ᠪᠠᠨ ᠨᠡᠮᠡᠭᠳᠡᠬᠦᠯᠤᠨ᠂ ᠴᠢᠲᠠᠪᠤᠷᠢᠲᠠᠨ ᠢ ᠬᠦᠮᠦᠵᠢᠭᠦᠯᠤᠨ ᠪᠤᠯᠪᠠᠰᠤᠷᠠᠭᠤᠯᠬᠤ ᠶᠢ ᠴᠢᠩᠭᠠᠳᠬᠠᠵᠦ᠂ ᠲᠤᠰᠬᠠᠢ ᠲᠦᠷᠦᠯ ᠢᠶᠠᠷ ᠬᠠᠤᠯᠢ ᠲᠤᠬᠲᠠᠭᠠᠬᠤ ᠠᠬᠢᠴᠠ ᠶᠢ ᠲᠦᠷᠬᠡᠳᠬᠡᠨ᠂ ᠰᠤᠶᠤᠯ ᠤᠨ ᠲᠤᠲᠤᠭᠠᠲᠦ ᠠᠭᠤᠯᠬᠤᠨ ᠢ ᠠᠭᠤᠲᠠᠯᠵᠦ᠂ ᠰᠤᠶᠤᠯ ᠤᠨ ᠪᠦᠲᠦᠭᠡᠯᠴᠢ ᠰᠡᠳᠬᠢᠮᠵᠢ᠂ ᠪᠤᠲᠠᠰ ᠤᠨ ᠪᠤᠰᠤ ᠰᠤᠶᠤᠯ ᠤᠨ ᠦᠪ ᠤᠨ ᠲᠦᠷᠦᠯ ᠲᠡᠮᠲᠡᠭ ᠪᠤᠯᠤᠨ ᠪᠤᠲᠠᠰ ᠤᠨ ᠪᠤᠰᠤ ᠰᠤᠶᠤᠯ ᠤᠨ ᠦᠪ ᠪᠠ ᠵᠢᠭᠤᠯᠴᠢᠯᠠᠯ ᠤᠨ ᠠᠭᠤᠰᠤᠯᠴᠠᠯ ᠤᠨ ᠠᠵᠢᠯ ᠢ ᠰᠠᠶᠢᠲᠦᠷ ᠬᠢᠵᠦ᠂ ᠦᠪᠦᠷ ᠮᠤᠩᠭᠤᠯ ᠎ ᠤᠨ ᠪᠤᠲᠠᠰ ᠤᠨ ᠪᠤᠰᠤ ᠰᠤᠶᠤᠯ ᠤᠨ ᠦᠪ ᠤᠨ ᠥᠯᠢᠭᠡᠷ ᠢ ᠴᠢᠷᠮᠠᠶᠢᠨ ᠰᠠᠶᠢᠲᠦᠷ ᠶᠠᠷᠢᠬᠤ ᠬᠡᠷᠡᠭᠲᠡᠢ ᠬᠡᠵᠦ ᠵᠢᠭᠠᠵᠦ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号