ᠥᠪᠥᠷ ᠮᠤᠩᠭᠤᠯ ᠤᠨ ᠬᠤᠶᠠᠳᠤᠭᠠᠷ ᠬᠤᠭᠤᠴᠠᠭᠠᠨ ᠤ ᠤᠶᠤᠳᠠᠳ ᠤᠨ ᠰᠤᠶᠤᠯ ᠤᠷᠠᠯᠢᠭ ᠤᠨ ᠰᠠᠷ᠎ᠠ ᠶᠢᠨ ᠠᠵᠢᠯᠯᠠᠭᠠᠨ ᠡᠬᠢᠯᠡᠪᠡ  ᠪᠠᠢ ᠢᠤᠢ ᠭᠠᠩ ᠵᠧᠩ ᠬᠤᠩ ᠹᠠᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2019/10/28
     10 ᠰᠠᠷ᠎ᠠ ᠶᠢᠨ 25᠎ ᠤ ᠤᠷᠤᠢ᠂ ︽ᠵᠠᠯᠠᠭᠤ ᠨᠠᠰᠤᠨ ᠤ ᠴᠤᠭ ᠵᠢᠪᠬᠤᠭ᠎ᠠ︾ ᠦᠪᠦᠷ ᠮᠤᠩᠭᠤᠯ ᠤᠨ ᠬᠤᠶᠠᠳᠤᠭᠠᠷ ᠬᠤᠭᠤᠴᠠᠭᠠᠨ ᠤ ᠤᠶᠤᠳᠠᠳ ᠤᠨ ᠰᠤᠶᠤᠯ ᠤᠷᠠᠯᠢᠭ ᠤᠨ ᠰᠠᠷ᠎ᠠ ᠶᠢᠨ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠵᠢᠴᠢ ᠶᠡᠭᠡ ᠳᠡᠬᠡᠳᠤ ᠰᠤᠷᠭᠠᠭᠤᠯᠢ ᠶᠢᠨ ᠰᠤᠩᠭᠤᠳᠠᠭ ᠤᠷᠠᠯᠢᠭ ᠤᠨ ᠳᠤᠭᠯᠠᠯᠳᠠ ᠶᠢᠨ ᠠᠩᠬᠠᠨ ᠤ ᠳᠠᠯᠠᠪᠠᠢ ᠳᠤᠭᠯᠠᠯᠳᠠ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠠᠮᠢᠷ ᠤᠨ ᠤᠷᠳᠤᠨ ᠳᠤ ᠶᠠᠪᠤᠭᠳᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠎ ᠤᠨ ᠳᠠᠷᠤᠭ᠎ᠠ ᠪᠠᠢ ᠢᠤᠢ ᠭᠠᠩ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠵᠧᠩ ᠬᠤᠩ ᠹᠠᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃      ᠡᠬᠢᠯᠡᠯᠳᠡ ᠶᠢᠨ ᠶᠤᠰᠤᠯᠠᠯ ᠤᠨ ᠳᠠᠷᠠᠭ᠎ᠠ᠂ ᠶᠡᠭᠡ ᠳᠡᠬᠡᠳᠤ ᠰᠤᠷᠭᠠᠭᠤᠯᠢ ᠶᠢᠨ ᠰᠤᠩᠭᠤᠳᠠᠭ ᠤᠷᠠᠯᠢᠭ ᠤᠨ ᠳᠤᠭᠯᠠᠯᠳᠠ ᠬᠦᠭᠵᠢᠶᠡᠨᠳᠡᠢ ᠰᠠᠶᠢᠬᠠᠨ ᠶᠠᠪᠤᠭᠳᠠᠵᠤ᠂ ᠦᠳᠡᠰᠢᠯᠡᠭᠡ ᠳᠤ ᠳᠤᠯᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ︽ᠤᠶᠤᠳᠠᠳ ᠤᠨ ᠤᠳᠤᠨ︾᠎ ᠢ ᠱᠠᠩᠨᠠᠨ ᠬᠦᠬᠢᠬᠦᠯᠵᠡᠢ᠃ ᠦᠪᠡᠷᠳᠡᠬᠡᠨ ᠵᠠᠰᠬᠠᠤ ᠤᠷᠤᠨ ᠤ ᠨᠠᠮ ᠎ ᠤᠨ ᠬᠤᠷᠢᠶᠠᠨ ᠤ ᠤᠬᠠᠭᠤᠯᠬᠤ ᠬᠡᠯᠳᠡᠰ᠂ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠶᠡᠭᠡ ᠳᠡᠬᠡᠳᠤ ᠰᠤᠷᠭᠠᠭᠤᠯᠢ ᠶᠢᠨ ᠠᠵᠢᠯ ᠤᠨ ᠬᠤᠷᠢᠶ᠎ᠠ᠂ ᠦᠪᠡᠷᠳᠡᠬᠡᠨ ᠵᠠᠰᠬᠠᠤ ᠤᠷᠤᠨ ᠤ ᠡᠪᠯᠡᠯ ᠤᠨ ᠬᠤᠷᠢᠶ᠎ᠠ ᠠᠴᠠ ᠬᠠᠮᠳᠤᠷᠠᠨ ᠭᠤᠤᠯᠯᠠᠨ ᠡᠷᠬᠢᠯᠡᠭᠰᠡᠨ ᠦᠪᠦᠷ ᠮᠤᠩᠭᠤᠯ ᠤᠨ ᠬᠤᠶᠠᠳᠤᠭᠠᠷ ᠬᠤᠭᠤᠴᠠᠭᠠᠨ ᠤ ᠤᠶᠤᠳᠠᠳ ᠤᠨ ᠰᠤᠶᠤᠯ ᠤᠷᠠᠯᠢᠭ ᠎ ᠤᠨ ᠰᠠᠷ᠎ᠠ ᠶᠢᠨ ᠠᠵᠢᠯᠯᠠᠭᠠᠨ ᠪᠤᠯ ︽ᠡᠬᠡ ᠤᠯᠤᠰ ᠢᠶᠠᠨ ᠬᠠᠶᠢᠷᠠᠯᠠᠵᠤ ᠬᠦᠨᠳᠦ ᠡᠬᠦᠷᠬᠡ ᠶᠢ ᠡᠬᠦᠷᠬᠡᠯᠡᠨ ᠰᠢᠨ᠎ᠡ ᠬᠦᠮᠦᠨ ᠪᠤᠯᠬᠤ︾ ᠭᠤᠤᠯ ᠰᠡᠳᠦᠪᠳᠤ ᠬᠦᠮᠦᠵᠢᠯ ᠤᠨ ᠦᠢᠯᠡᠳᠦᠯᠬᠡ ᠶᠢᠨ ᠠᠵᠢᠯᠯᠠᠭᠠᠨ ᠤ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠂ ᠡᠯ᠎ᠡ ᠶᠡᠭᠡ ᠳᠡᠬᠡᠳᠤ ᠰᠤᠷᠭᠠᠭᠤᠯᠢ ᠶᠢᠨ ᠬᠢᠨ ᠭᠤᠤᠯ ᠰᠡᠳᠦᠪ ᠳᠤᠪᠤᠶᠢᠮ᠎ᠠ᠂ ᠡᠯᠪᠡᠭ ᠪᠠᠶᠠᠯᠢᠭ ᠠᠭᠤᠯᠭ᠎ᠠ ᠲᠠᠢ ᠰᠤᠶᠤᠯ ᠤᠷᠠᠯᠢᠭ ᠤᠨ ᠠᠵᠢᠯᠯᠠᠭ᠎ᠠ ᠦᠷᠨᠢᠬᠦᠯᠬᠦ ᠪᠠᠷ ᠳᠠᠮᠵᠢᠨ᠂ ᠦᠷᠬᠡᠨ ᠤᠯᠠᠨ ᠵᠠᠯᠠᠭᠤ ᠤᠶᠤᠳᠠᠳ ᠲᠤ ᠵᠦᠪ ᠤᠨᠤᠪᠴᠢᠳᠠᠢ ᠳᠡᠦᠬᠡ ᠶᠢᠨ ᠦᠵᠡᠯᠳᠡ᠂ ᠦᠨᠳᠦᠰᠦᠳᠡᠨ ᠤ ᠦᠵᠡᠯᠳᠡ᠂ ᠤᠯᠤᠰ ᠤᠨ ᠦᠵᠡᠯᠳᠡ᠂ ᠰᠤᠶᠤᠯ ᠤᠨ ᠦᠵᠡᠯᠳᠡ ᠶᠢ ᠬᠦᠮᠦᠵᠢᠬᠦᠯᠬᠦ ᠪᠤᠯᠤᠨ᠎ᠠ᠃      ᠤᠢᠢᠯᠠᠭᠠᠭᠰᠠᠨ ᠢᠶᠠᠷ᠂ ᠠᠵᠢᠯᠯᠠᠭᠠᠨ ᠨᠢ 11 ᠰᠠᠷ᠎ᠠ ᠶᠢᠨ 25 ᠪᠤᠯᠳᠠᠯ᠎ᠠ ᠶᠠᠪᠤᠭᠳᠠᠨ᠎ᠠ᠃ ᠠᠵᠢᠯᠯᠠᠭᠠᠨ ᠤ ᠬᠤᠭᠤᠴᠠᠭᠠᠨ ᠳᠤ ︽ᠪᠢ ᠡᠬᠡ ᠤᠯᠤᠰ ᠲᠠᠢ ᠪᠠᠨ ᠬᠠᠮᠳᠤ ᠤᠷᠤᠭᠰᠢᠯᠠᠨ᠎ᠠ︾ — ᠤᠯᠤᠰ ᠤᠨ ᠳᠤᠭ ᠤᠨ ᠳᠤᠤᠷᠠᠬᠢ ᠶᠠᠷᠢᠶ᠎ᠠ᠂ ︽ᠳᠠᠭᠤᠤ ᠬᠦᠭᠵᠢᠮ ᠤᠨ ᠮᠦᠷᠦᠬᠡᠳᠦᠯ ᠢᠶᠠᠷ ᠳᠤᠮᠳᠠᠳᠤ ᠪᠠᠨ ᠮᠠᠭᠳᠠᠨ ᠳᠠᠭᠤᠯᠠᠶ᠎ᠠ︾ ᠬᠡᠬᠦ ᠬᠠᠮᠤᠭ ᠤᠨ ᠭᠤᠶᠤ ᠳᠠᠭᠤᠤ ᠶᠢᠨ ᠤᠷᠤᠯᠳᠤᠭᠠᠨ᠂ ᠲᠤᠮᠤ ᠬᠡᠯᠪᠡᠷᠢ ᠶᠢᠨ ᠢᠷᠠᠭᠤ ᠨᠠᠶᠢᠷᠠᠭ ᠤᠨ ᠢᠯᠭᠤᠮ ᠵᠢᠷᠤᠭᠯᠠᠯ ︽ᠪᠢ ᠡᠬᠡ ᠤᠯᠤᠰ ᠲᠠᠭᠠᠨ ᠠᠯᠢᠪᠠ ᠪᠠᠨ ᠵᠤᠷᠢᠭᠤᠯᠤᠨ᠎ᠠ︾᠎ ᠶᠢ ᠶᠡᠭᠡ ᠳᠡᠬᠡᠳᠤ ᠰᠤᠷᠭᠠᠭᠤᠯᠢ ᠳᠤ ᠳᠤᠭᠤᠷᠢᠨ ᠳᠤᠭᠯᠠᠬᠤ᠂ ᠤᠯᠠᠭᠠᠨᠮᠦ᠋ᠴᠢᠷ ᠶᠡᠭᠡ ᠳᠡᠬᠡᠳᠤ ᠰᠤᠷᠭᠠᠭᠤᠯᠢ ᠳᠤ ᠳᠤᠭᠤᠷᠢᠨ ᠳᠤᠭᠯᠠᠬᠤ᠂ ︽ᠪᠢ ︿ᠠᠷᠪᠠᠨ ᠲᠦᠷᠪᠡᠳᠦᠬᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ﹀᠎ ᠳᠤ ᠬᠡᠷᠡᠯ ᠬᠢᠯᠪᠠᠭ᠎ᠠ ᠨᠡᠮᠡᠷᠢᠯᠡᠬᠦ ᠠᠵᠢᠯᠯᠠᠭ᠎ᠠ︾᠂ ︽ᠤᠯᠤᠰ ᠢᠶᠠᠨ ᠬᠦᠴᠦᠷᠬᠡᠭᠵᠢᠬᠦᠯᠬᠦ ᠳᠤᠬᠠᠢ ᠰᠤᠷᠤᠯᠴᠠᠨ᠂ ᠦᠪᠡᠷ ᠢ ᠪᠠᠨ ᠬᠦᠴᠦᠷᠬᠡᠭᠵᠢᠬᠦᠯᠬᠦ︾ — ᠰᠤᠷᠤᠯᠴᠠᠬᠤ ᠠᠪᠢᠶᠠᠰᠲᠠᠨ ᠤ ᠤᠷᠤᠯᠳᠤᠭᠠᠨ ᠵᠡᠷᠬᠡ 12 ᠵᠦᠢᠯ ᠤᠨ ᠠᠵᠢᠯᠯᠠᠭ᠎ᠠ ᠥᠷᠨᠢᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号