ᠲᠤᠮᠳᠠᠳᠤ ᠤᠯᠤᠰ ᠤᠨ ᠬᠡᠷᠡᠭ ᠮᠡᠳᠡᠭᠴᠢᠳ ᠤᠨ ᠬᠤᠷᠡᠯ ᠤᠨ ᠨᠠᠷᠢᠨ ᠪᠢᠴᠢᠬᠡᠴᠢ ᠶᠢᠨ ᠵᠠᠭᠤᠨ ᠬᠦᠮᠥᠨ ᠤ ᠬᠤᠷᠡᠯ ᠤᠨ ᠶᠠᠷᠢᠶᠠᠨ ᠤ ᠲᠠᠪᠴᠠᠩ — ᠴᠢᠩ ᠴᠧᠩ ᠶᠠᠷᠢᠶᠠᠨ ᠤ ᠲᠠᠪᠴᠠᠩ ᠬᠦᠬᠡᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2019/10/28
   10 ᠰᠠᠷ᠎ᠠ ᠶᠢᠨ 26᠎ ᠤ ᠡᠳᠤᠷ᠂ ᠬᠦᠬᠡᠬᠤᠳᠠ ᠶᠢᠨ ᠠᠷᠠᠳ ᠤᠨ ᠵᠠᠰᠠᠭ ᠤᠨ ᠤᠷᠳᠤᠨ᠂ ᠲᠤᠮᠳᠠᠳᠤ ᠤᠯᠤᠰ ᠤᠨ ᠬᠤᠳᠠᠯᠳᠤᠭᠠᠨ ᠤ ᠠᠵᠥ ᠠᠬᠤᠢ ᠶᠢᠨ ᠨᠡᠶᠢᠭᠡᠮᠯᠢᠭ ᠤᠨ ᠵᠠᠬ᠎ᠠ ᠲᠡᠯᠬᠡᠬᠦᠷ ᠲᠤ ᠭᠠᠷᠤᠭᠰᠠᠠ ᠺᠤᠮᠫᠠᠨᠢ ᠶᠢᠨ ᠬᠡᠷᠡᠭ ᠮᠡᠳᠡᠭᠴᠢᠳ ᠤᠨ ᠬᠤᠷᠡᠯ ᠤᠨ ᠨᠠᠷᠢᠨ ᠪᠢᠴᠢᠬᠡᠴᠢ ᠶᠢᠨ ᠵᠠᠭᠤᠨ ᠬᠦᠮᠥᠨ ᠤ ᠬᠤᠷᠡᠯ ᠤᠨ ᠶᠠᠷᠢᠶᠠᠨ ᠤ ᠲᠠᠪᠴᠠᠩ — ᠴᠢᠩ ᠴᠧᠩ ᠶᠠᠷᠢᠶᠠᠨ ᠤ ᠲᠠᠪᠴᠠᠩ ᠬᠦᠬᠡᠬᠤᠳᠠ ᠳᠤ ᠶᠠᠪᠤᠭᠳᠠᠵᠥ᠂ ᠪᠦᠬᠦ ᠤᠯᠤᠰ ᠤᠨ ᠡᠯ᠎ᠡ ᠭᠠᠵᠠᠷ ᠤᠨ ᠨᠡᠷᠡᠳᠤ ᠵᠠᠬ᠎ᠠ ᠲᠡᠯᠬᠡᠬᠦᠷ ᠲᠤ ᠭᠠᠷᠤᠭᠰᠠᠠ ᠠᠵᠥ ᠠᠬᠤᠢᠢᠯᠠᠯ᠂ ᠺᠤᠮᠫᠠᠨᠢ ᠶᠢᠨ ᠬᠡᠷᠡᠭ ᠮᠡᠳᠡᠭᠴᠢ ᠨᠠᠷᠢᠨ ᠪᠢᠴᠢᠭᠡᠴᠢ ᠵᠢᠴᠢ ᠠᠵᠥ ᠠᠬᠤᠢᠢᠯᠠᠯ ᠤᠨ ᠡᠳᠡᠭᠡᠳ ᠤᠨ ᠲᠤᠰᠬᠠᠢ ᠮᠡᠷᠬᠡᠵᠢᠯᠳᠡᠨ ᠡᠷᠳᠡᠮᠳᠡᠨ 300 ᠭᠠᠷᠤᠢ ᠬᠦᠮᠥᠨ ︽ᠠᠮᠢ ᠠᠬᠤᠢ ᠶᠢᠨ ᠬᠦᠭᠵᠢᠯᠳᠡ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠡᠬᠦᠳᠦᠯᠳᠡ᠂ ᠬᠤᠳᠠ ᠶᠢᠨ ᠡᠵᠡᠩᠨᠡᠯᠳᠡ ᠬᠤᠳᠠᠯᠳᠤᠭ᠎ᠠ ᠶᠢᠨ ᠤᠷᠴᠢᠨ︾ ᠵᠡᠷᠬᠡ ᠬᠠᠯᠠᠮᠰᠢᠯ ᠠᠰᠠᠭᠤᠳᠠᠯ ᠤᠨ ᠲᠤᠭᠤᠷᠢᠨ ᠳᠤ ᠰᠠᠨᠠᠯ ᠢᠶᠠᠨ ᠰᠤᠯᠢᠯᠴᠠᠪᠠ᠃    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠬᠦᠬᠡᠬᠤᠳᠠ ᠶᠢᠨ ᠨᠠᠮ ᠤᠨ ᠬᠤᠷᠢᠶᠡᠨ ᠤ ᠱᠦᠵᠢ ᠸᠠᠩ ᠯᠢ ᠰᠢᠶᠠ ᠡᠬᠢᠯᠡᠯᠳᠡ ᠶᠢᠨ ᠶᠤᠰᠤᠯᠠᠯ ᠳᠤ ᠤᠷᠤᠯᠴᠠᠵᠥ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠭᠠᠩ ᠪᠠᠶᠠᠷ ᠤᠨ ᠦᠬᠡ ᠬᠡᠯᠡᠪᠡ᠃    ᠪᠤᠤ ᠭᠠᠩ ᠪᠠᠶᠠᠷ ᠤᠨ ᠦᠬᠡ ᠳᠡᠭᠡᠨ᠂ ᠤᠳᠤᠬᠠᠨ ᠳᠤ ᠦᠪᠤᠷ ᠮᠤᠩᠭᠤᠯ ᠤᠷᠤᠨ ᠲᠠᠶᠠᠭᠠᠷ ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠭᠰᠠᠠ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠡᠷᠡᠰ ᠵᠠᠮᠨᠠᠵᠥ᠂ ᠤᠯᠠᠮᠵᠢᠯᠠᠯᠳᠤ ᠠᠵᠥ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠲᠦᠷᠬᠡᠳᠬᠡᠵᠥ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠡᠬᠦᠳᠦᠯᠳᠡ ᠶᠢ ᠴᠢᠩᠭᠠᠷᠠᠭᠤᠯᠵᠥ᠂ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠠᠨᠳᠤᠭᠰᠠᠠ ᠠᠵᠥ ᠦᠢᠯᠡᠰ ᠢ ᠪᠤᠶᠢᠵᠢᠭᠤᠯᠤᠨ ᠪᠤᠵᠠᠭᠠᠢᠢᠷᠠᠭᠤᠯᠵᠥ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠵᠥ᠂ ᠡᠬᠡ ᠤᠯᠤᠰ ᠤᠨ ᠤᠮᠠᠷᠠᠳᠤ ᠶᠢᠨ ᠡᠨᠡ ᠬᠦ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠬᠡᠨ ᠪᠠᠶᠢᠭᠤᠯᠬᠤ ᠪᠠᠷ ᠴᠢᠷᠮᠡᠶᠢᠵᠥ ᠪᠠᠶᠢᠨ᠎ᠠ᠃ ᠡᠨᠡ ᠤᠳᠠᠭ᠎ᠠ ᠶᠢᠨ ᠶᠠᠷᠢᠶᠠᠨ ᠤ ᠲᠠᠪᠴᠠᠩ ᠨᠢ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠡᠬᠦᠳᠦᠯᠳᠡ᠂ ᠠᠮᠢ ᠠᠬᠤᠢ ᠶᠢᠨ ᠬᠦᠭᠵᠢᠯᠳᠡ᠂ ᠡᠵᠡᠩᠨᠡᠯᠳᠡ ᠬᠤᠳᠠᠯᠳᠤᠭ᠎ᠠ ᠶᠢᠨ ᠤᠷᠴᠢᠨ ᠤ ᠰᠠᠶᠢᠵᠢᠷᠡᠭᠤᠯᠤᠯᠳᠡ ᠵᠡᠷᠬᠡ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠪᠠ᠂ ᠡᠨᠡ ᠨᠢ ᠪᠦᠬᠦ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠬᠦ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠲᠦᠪᠰᠢᠨ ᠢ ᠲᠡᠭᠡᠭᠰᠢᠯᠡᠬᠦᠯᠬᠦ᠂ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠳᠤ ᠢᠳᠡᠪᠬᠢᠳᠡᠢ ᠠᠬᠢᠭᠤᠯᠬᠤ ᠦᠢᠯᠡᠳᠦᠯ ᠦᠵᠡᠬᠦᠯᠬᠦ ᠶᠤᠮ ᠬᠡᠵᠥ ᠬᠡᠯᠡᠪᠡ᠃    ᠲᠤᠰ ᠡᠳᠤᠷ᠂ ᠲᠤᠮᠳᠠᠳᠤ ᠤᠯᠤᠰ ᠤᠨ ᠠᠩᠬᠠᠳᠠᠭᠴᠢ ᠬᠡᠷᠡᠭ ᠮᠡᠳᠡᠭᠴᠢᠳ ᠤᠨ ᠬᠤᠷᠡᠯ ᠤᠨ ᠨᠠᠷᠢᠨ ᠪᠢᠴᠢᠬᠡᠴᠢ ᠶᠢᠨ ᠠᠵᠢᠯ ᠮᠡᠷᠬᠡᠵᠢᠯ ᠤᠨ ᠰᠤᠷᠭᠠᠭᠤᠯᠢ — ᠬᠦᠬᠡᠬᠤᠳᠠ ᠶᠢᠨ ᠬᠡᠷᠡᠭ ᠮᠡᠳᠡᠭᠴᠢᠳ ᠤᠨ ᠬᠤᠷᠡᠯ ᠤᠨ ᠨᠠᠷᠢᠨ ᠪᠢᠴᠢᠬᠡᠴᠢ ᠶᠢᠨ ᠵᠠᠭᠤᠨ ᠬᠦᠮᠥᠨ ᠤ ᠬᠤᠷᠡᠯ ᠤᠨ ᠠᠵᠢᠯ ᠮᠡᠷᠬᠡᠵᠢᠯ ᠤᠨ ᠪᠤᠯᠪᠠᠰᠤᠷᠠᠯ ᠤᠨ ᠰᠤᠷᠭᠠᠭᠤᠯᠢ ᠫᠠᠶᠢᠰᠠ ᠡᠯᠬᠦᠪᠡ᠂ ᠸᠠᠩ ᠯᠢ ᠰᠢᠶᠠ ᠨᠡᠷ ᠬᠠᠮᠳᠤ ᠪᠠᠷ ᠰᠤᠷᠭᠠᠭᠤᠯᠢ ᠶᠢᠨ ᠫᠠᠶᠢᠰᠠ ᠶᠢ ᠰᠡᠬᠦᠭᠰᠡᠡ ᠪᠦᠬᠡᠳ ᠲᠤᠰ ᠰᠤᠷᠭᠠᠭᠤᠯᠢ ᠶᠢᠨ ᠵᠠᠬᠢᠷᠤᠯ ᠵᠢᠴᠢ ᠪᠠᠭᠰᠢ ᠶᠢᠨ ᠲᠦᠯᠥᠬᠡᠯᠡᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号