ᠳᠤᠯᠤᠳᠤᠭᠠᠷ ᠬᠤᠭᠤᠴᠠᠭᠠᠨ ᠤ ᠲᠡᠯᠡᠭᠡᠢ ᠶᠢᠨ ᠴᠡᠷᠢᠭ ᠬᠦᠮᠦᠨ ᠤ ᠲᠠᠮᠢᠷ ᠤᠨ ᠴᠤᠬᠯᠠᠭᠠᠨ ᠳᠤ ᠮᠠᠨ ᠤ ᠤᠷᠤᠨ ᠤ ᠲᠠᠮᠢᠷᠴᠢᠳ 3 ᠠᠯᠳᠠᠨ ᠮᠧᠳᠠᠯ 1 ᠮᠦᠩᠭᠦᠨ ᠮᠧᠳᠠᠯ ᠭᠠᠷᠳᠠᠪᠠ
ᠨᠡᠶᠢᠲᠡᠯᠡᠭᠰᠡᠨ ᠴᠠᠭ᠄
2019/10/28
     10 ᠰᠠᠷ᠎ᠠ ᠶᠢᠨ 26᠎ ᠤ ᠡᠳᠦᠷ᠂ ᠲᠤᠯᠤᠳᠤᠭᠠᠷ ᠬᠤᠭᠤᠴᠠᠭᠠᠨ ᠤ ᠲᠡᠯᠡᠭᠡᠢ ᠶᠢᠨ ᠴᠡᠷᠢᠭ ᠬᠦᠮᠦᠨ ᠤ ᠲᠠᠮᠢᠷ ᠎ ᠤᠨ ᠴᠤᠬᠯᠠᠭᠠᠨ ᠳᠤ ᠤᠷᠤᠯᠴᠠᠬᠰᠠᠨ ᠮᠠᠨ ᠤ ᠤᠷᠤᠨ ᠤ 8 ᠲᠠᠮᠢᠷᠴᠢᠨ ᠤᠷᠤᠯᠳᠤᠭᠠᠨ ᠤ ᠡᠭᠦᠷᠭᠡ ᠪᠠᠨ ᠪᠦᠬᠦᠨ ᠢ ᠲᠠᠭᠤᠰᠬᠠᠵᠦ᠂ 3 ᠠᠯᠳᠠᠨ ᠮᠧᠳᠠᠯ᠂ 1 ᠮᠦᠡᠭᠭᠦᠨ ᠮᠧᠳᠠᠯ ᠣᠯᠵᠣ᠂ ᠦᠪᠦᠷ ᠮᠣᠩᠭᠤᠯ ᠤᠨ ᠳᠠᠮᠢᠷᠴᠢᠳ ᠤᠨ ᠴᠤᠭ ᠵᠢᠪᠬᠤᠭ᠎ᠠ ᠶᠢ ᠳᠡᠯᠡᠬᠡᠢ ᠶᠢᠨ ᠴᠡᠷᠢᠭ ᠬᠦᠮᠦᠨ ᠤ ᠳᠠᠮᠢᠷ ᠤᠨ ᠴᠣᠭᠯᠠᠭᠠᠨ ᠤ ᠣᠷᠣᠯᠳᠣᠭᠠᠨ ᠤ ᠳᠠᠯᠠᠪᠠᠢ ᠳᠤ ᠭᠠᠶᠢᠬᠠᠭᠤᠯᠪᠠ᠃      ᠲᠤᠯᠤᠳᠤᠭᠠᠷ ᠬᠤᠭᠤᠴᠠᠭᠠᠨ ᠤ ᠲᠡᠯᠡᠭᠡᠢ ᠶᠢᠨ ᠴᠡᠷᠢᠭ ᠬᠦᠮᠦᠨ ᠤ ᠲᠠᠮᠢᠷ ᠤᠨ ᠴᠤᠬᠯᠠᠭᠠᠨ ᠳᠡᠭᠡᠷ᠎ᠡ ᠮᠠᠨ ᠤ ᠤᠷᠤᠨ ᠤ 8 ᠲᠠᠮᠢᠷᠴᠢᠨ 5 ᠲᠦᠷᠦᠯ ᠤᠨ ᠤᠷᠤᠯᠳᠤᠭᠠᠨ ᠤ ᠬᠤᠪᠢ ᠬᠦᠮᠦᠨ ᠪᠠ ᠪᠦᠯᠭᠦᠮ ᠨᠢᠭᠡᠴᠢ ᠶᠢᠨ ᠤᠷᠤᠯᠳᠤᠭᠠᠨ ᠳᠤ ᠤᠷᠤᠯᠴᠠᠪᠠ᠃ ᠠᠷᠪᠠ ᠰᠢᠬᠠᠮ ᠡᠳᠦᠷ ᠤᠨ ᠲᠤᠷᠰᠢ᠂ ᠮᠠᠨ ᠤ ᠤᠷᠤᠨ ᠤ ᠲᠠᠮᠢᠷᠴᠢᠳ ᠬᠤᠷᠴᠡ ᠰᠢᠷᠦᠭᠦᠨ ᠦᠷᠢᠰᠦᠯᠳᠦᠭᠡᠨ ᠮᠦᠷᠦᠶᠢᠴᠡᠭᠡᠨ ᠢᠶᠠᠷ ᠲᠠᠮᠵᠢᠵᠦ᠂ ᠰᠢᠯᠢᠳᠡᠭ ᠬᠢᠷᠢ ᠪᠦᠳᠦᠮᠵᠢ ᠡᠭᠦᠳᠴᠦ᠂ ᠮᠠᠨ ᠤ ᠤᠷᠤᠨ ᠤ ᠲᠠᠮᠢᠷᠴᠢᠳ ᠤᠨ ᠴᠤᠭ ᠵᠢᠪᠬᠤᠭ᠎ᠠ ᠶᠢ ᠭᠦᠢᠴᠡᠳ ᠭᠠᠶᠢᠬᠠᠭᠤᠯᠵᠠᠢ᠃ ᠡᠭᠦᠨ ᠳᠤ ᠮᠠᠨ ᠤ ᠤᠷᠤᠨ ᠤ ᠲᠠᠮᠢᠷᠴᠢᠨ ᠳ᠋ᠸᠤ ᠳ᠋ᠠᠨ ᠡᠮᠡᠭᠳᠡᠢ ᠶᠢᠨ ᠪᠤᠺᠰ ᠤᠨ 64 — 69 ᠺᠢᠯᠣᠭ᠍ᠷᠡᠮ ᠤᠨ ᠲᠡᠰ ᠤᠨ ᠠᠯᠳᠠᠨ ᠮᠧᠳᠠᠯ᠂ ᠶᠠᠩ ᠵᠢᠶᠠ ᠢᠤᠢ ᠡᠮᠡᠭᠳᠡᠢ ᠶᠢᠨ ᠠᠯᠬᠤᠭ᠎ᠠ ᠤᠷᠤᠯᠳᠤᠭᠠᠨ ᠤ 20 ᠺᠢᠯᠣᠮᠧᠲᠷ ᠤᠨ ᠠᠯᠳᠠᠨ ᠮᠧᠳᠠᠯ᠂ ᠰᠢᠤᠢ ᠬᠤᠤ ᠡᠷᠡᠭᠳᠡᠢ ᠶᠢᠨ ᠠᠯᠬᠤᠭ᠎ᠠ ᠤᠷᠤᠯᠳᠤᠭᠠᠨ ᠤ 20 ᠺᠢᠯᠣᠮᠧᠲᠷ ᠤᠨ ᠠᠯᠳᠠᠨ ᠮᠧᠳᠠᠯ ᠢ ᠰᠢᠭᠦᠷᠴᠦ᠂ ᠰᠠᠶᠢᠨᠵᠢᠷᠭᠠᠯ ᠡᠷᠡᠭᠳᠡᠢ ᠶᠢᠨ ᠵᠢᠤᠤᠳᠤ ᠪᠦᠭᠡ ᠶᠢᠨ 73 ᠺᠢᠯᠣᠭ᠍ᠷᠡᠮ ᠤᠨ ᠲᠡᠰ ᠲᠤ ᠮᠦᠡᠭᠭᠦᠨ ᠮᠧᠳᠠᠯ ᠭᠠᠷᠳᠠᠵᠤ᠂ ᠸᠠᠩ ᠵᠧᠨ ᠲᠠᠶᠢᠺᠢᠨᠳᠤᠤ ᠶᠢᠨ ᠡᠷᠡᠭᠳᠡᠢ ᠶᠢᠨ 87 ᠺᠢᠯᠣᠭ᠍ᠷᠡᠮ ᠤᠨ ᠲᠡᠰ ᠲᠤ ᠲᠠᠪᠤᠳᠤᠭᠠᠷ ᠲᠤ ᠤᠷᠤᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号