ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠯᠵᠤ ᠮᠡᠳᠡᠭᠰᠡᠨ ᠢᠶᠠᠷ᠂ ᠬᠢᠷᠠᠭᠤ | ᠤᠨᠠᠬᠤ ᠴᠠᠭ ᠤᠯᠠᠷᠢᠯ ᠳᠤ ᠣᠷᠣᠭᠰᠠᠨ ᠠᠴᠠ ᠬᠤᠶᠢᠰᠢ᠂ ᠣᠯᠠᠨᠲᠠ ᠬᠢᠷᠠᠭᠤ ᠤᠨᠠᠪᠠ᠃ ᠢᠷᠡᠬᠦ 3 ᠡᠳᠦᠷ ᠲᠤ | ᠮᠠᠨ ᠤ ᠣᠷᠣᠨ ᠳᠤ ᠶᠡᠭᠡ ᠪᠠᠷ ᠰᠠᠯᠬᠢᠯᠠᠵᠤ ᠡᠯᠡᠰᠦᠨ ᠰᠢᠭᠤᠷᠭ᠎ᠠ ᠳᠡᠭᠳᠡᠵᠦ ᠪᠣᠷᠣᠭᠠᠨ ᠴᠠᠰᠤ ᠣᠷᠤᠨ᠎ᠠ᠃ | ᠥᠪᠥᠷ ᠮᠣᠩᠭᠤᠯ ᠤᠨ ᠴᠠᠭ ᠠᠭᠤᠷ ᠤᠨ ᠥᠷᠲᠡᠭᠡ ᠶᠢᠨ ᠤᠷᠢᠳᠴᠢᠯᠠᠨ ᠮᠡᠳᠡᠭᠡᠯᠡᠭᠰᠡᠨ ᠢᠶᠠᠷ᠂ ᠢᠷᠡᠬᠦ 3 | ᠡᠳᠦᠷ ᠲᠤ᠂ ᠮᠠᠨ ᠤ ᠣᠷᠣᠨ ᠤ ᠪᠠᠷᠠᠭᠤᠨ ᠳᠤᠮᠳᠠ ᠬᠡᠰᠡᠭ ᠤᠨ ᠭᠠᠵᠠᠷ ᠣᠷᠣᠨ ᠳᠤ ᠪᠠᠷᠠᠭᠤᠨ ᠠᠴᠠ 5᠂ 6 | ᠲᠡᠰ ᠤᠨ ᠰᠠᠯᠬᠢ ᠰᠠᠯᠬᠢᠯᠠᠵᠤ᠂ ᠬᠡᠰᠡᠭ ᠲᠤ ᠪᠠᠨ 7᠂ 8 ᠲᠡᠰ ᠲᠤ ᠬᠦᠷᠦᠨ᠎ᠡ᠂ ᠪᠠᠷᠠᠭᠤᠨ ᠬᠡᠰᠡᠭ ᠤᠨ ᠬᠤᠶᠢᠲᠤ | ᠪᠡᠶ᠎ᠡ ᠶᠢᠨ ᠭᠠᠵᠠᠷ ᠣᠷᠣᠨ ᠳᠤ ᠡᠯᠡᠰᠦᠨ ᠰᠢᠭᠤᠷᠭ᠎ᠠ ᠳᠡᠭᠳᠡᠨ᠎ᠡ︔ ᠪᠤᠭᠤᠲᠤ ᠬᠤᠲᠠ ᠶᠢᠨ ᠵᠡᠭᠦᠨ ᠬᠤᠶᠢᠲᠤ ᠬᠡᠰᠡᠭ᠂ | ᠤᠯᠠᠭᠠᠨᠴᠠᠪ ᠬᠤᠲᠠ ᠶᠢᠨ ᠬᠤᠶᠢᠲᠤ ᠬᠡᠰᠡᠭ᠂ ᠰᠢᠯᠢ ᠶᠢᠨ ᠭᠤᠤᠯ ᠠᠶᠢᠮᠠᠭ ᠤᠨ ᠶᠡᠬᠡᠩᠬᠢ ᠬᠡᠰᠡᠭ᠂ ᠤᠯᠠᠭᠠᠨᠬᠠᠳᠠ | ᠬᠤᠲᠠ ᠶᠢᠨ ᠪᠠᠷᠠᠭᠤᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠪᠠᠷᠠᠭᠤᠨ ᠬᠤᠶᠢᠲᠤ ᠬᠡᠰᠡᠭ᠂ ᠬᠢᠩᠭᠠᠨ | ᠠᠶᠢᠮᠠᠭ ᠤᠨ ᠪᠠᠷᠠᠭᠤᠨ ᠬᠡᠰᠡᠭ᠂ ᠬᠥᠯᠥᠨ ᠪᠤᠶᠢᠷ ᠬᠤᠲᠠ ᠶᠢᠨ ᠪᠠᠷᠠᠭᠤᠨ ᠳᠤᠮᠳᠠ ᠬᠡᠰᠡᠭ ᠲᠤ ᠪᠠᠭ᠎ᠠ ᠴᠠᠰᠤ ᠲᠠᠢ︔ | ᠰᠢᠯᠢ ᠶᠢᠨ ᠭᠤᠤᠯ ᠠᠶᠢᠮᠠᠭ ᠤᠨ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠵᠢᠴᠢ ᠲᠡᠭᠦᠨ ᠠᠴᠠ | ᠵᠡᠭᠦᠨᠰᠢᠬᠢ ᠶᠡᠬᠡᠩᠬᠢ ᠭᠠᠵᠠᠷ ᠣᠷᠣᠨ ᠳᠤ ᠪᠠᠭ᠎ᠠ ᠪᠣᠷᠣᠭᠠᠨ᠂ ᠴᠠᠰᠤ ᠪᠣᠷᠣᠭᠠᠨ ᠬᠤᠯᠢᠯᠳᠣᠨ ᠣᠷᠤᠬᠤ ᠪᠤᠶᠤ ᠪᠠᠭ᠎ᠠ | ᠴᠠᠰᠤ ᠲᠠᠢ᠂ ᠬᠥᠯᠥᠨ ᠪᠤᠶᠢᠷ ᠬᠤᠲᠠ ᠶᠢᠨ ᠬᠤᠶᠢᠲᠤ ᠬᠡᠰᠡᠭ ᠤᠨ ᠬᠡᠰᠡᠭ ᠭᠠᠵᠠᠷ ᠣᠷᠣᠨ ᠳᠤ ᠳᠤᠮᠳᠠ ᠵᠡᠷᠭᠡ ᠶᠢᠨ | ᠴᠠᠰᠤ ᠲᠠᠢ᠃ ᠳᠤᠮᠳᠠ ᠬᠡᠰᠡᠭ ᠪᠠ ᠵᠡᠭᠦᠨ ᠡᠮᠦᠨᠡᠲᠦ ᠬᠡᠰᠡᠭ ᠤᠨ ᠭᠠᠵᠠᠷ ᠣᠷᠣᠨ ᠤ ᠠᠭᠠᠷ ᠤᠨ ᠳᠤᠯᠠᠭᠠᠨ 6℃ | ᠣᠷᠴᠢᠮ ᠪᠠᠭᠤᠷᠠᠬᠤ ᠪᠣᠯᠤᠨ᠎ᠠ᠃ | ᠴᠠᠭ ᠠᠭᠤᠷ ᠤᠨ ᠲᠤᠰᠬᠠᠶ ᠮᠡᠷᠭᠡᠵᠢᠯᠲᠡᠨ ᠰᠠᠨᠠᠭᠤᠯᠤᠭᠰᠠᠨ ᠨᠢ᠂ ᠣᠯᠠᠨ ᠨᠡᠶᠢᠲᠡ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠴᠠᠭ ᠠᠭᠤᠷ ᠤᠨ ᠶᠠᠪᠤᠴᠠ ᠶᠢ ᠨᠢᠭᠲᠠ ᠠᠩᠬᠠᠷᠴᠤ᠂ ᠮᠠᠯᠵᠢᠬᠤ ᠲᠠᠷᠢᠶᠠᠯᠠᠬᠤ | ᠣᠷᠣᠨ ᠳᠤ ᠬᠢᠷᠠᠭᠤᠳᠠᠬᠤ ᠶᠢ ᠰᠡᠷᠭᠡᠶᠢᠯᠡᠬᠦ ᠠᠵᠢᠯ ᠥᠷᠨᠢᠭᠦᠯᠵᠦ᠂ ᠹᠢᠽᠢᠺ ᠤᠨ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠪᠣᠯᠤᠨ ᠲᠠᠷᠢᠶᠠᠯᠠᠩ ᠤᠨ ᠪᠤᠰᠤᠳ ᠮᠡᠷᠭᠡᠵᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠠᠪᠬᠤ ᠬᠡᠷᠡᠭᠲᠡᠶ | ᠭᠡᠵᠡᠢ᠃ |