10 ᠰᠠᠷ᠎ᠠ ᠶᠢᠨ 25 ᠤ ᠡᠳᠤᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠦᠬᠦ ᠤᠷᠤᠨ ᠤ | ᠤᠳᠤᠷᠢᠳᠬᠤ ᠺᠠᠳ᠋ᠷᠴᠤᠳ ᠤᠨ ᠬᠤᠷᠠᠯ ᠬᠤᠷᠠᠯᠳᠤᠭᠤᠯᠵᠦ᠂ ᠳᠦᠪ ᠤᠨ ᠵᠤᠬᠢᠶᠠᠨ ᠪᠠᠶᠢᠭᠤᠯᠬᠤ ᠬᠡᠯᠳᠡᠰ ᠤᠨ | ᠬᠡᠯᠳᠡᠰ ᠤᠨ ᠶᠠᠪᠤᠳᠠᠯ ᠤᠨ ᠬᠡᠰᠢᠬᠦᠨ ᠪᠦᠬᠡᠳ ᠺᠠᠳ᠋ᠷ ᠤᠨ ᠬᠤᠶᠠᠳᠤᠭᠠᠷ ᠳᠤᠪᠴᠢᠶᠠᠨ ᠤ ᠳᠠᠷᠤᠭ᠎ᠠ ᠽᠸᠤ ᠮᠢᠩ ᠳᠦᠪ | ᠬᠤᠷᠢᠶᠠᠨ ᠤ ᠳᠤᠬᠳᠠᠭᠠᠯ ᠢ ᠤᠩᠰᠢᠨ ᠨᠡᠶᠢᠳᠡᠯᠡᠪᠡ᠄ ᠱᠢ ᠲᠠᠢ ᠹᠧᠩ ᠨᠦᠬᠦᠷ ᠥᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠭᠡᠰᠢᠬᠦᠨ᠂ ᠪᠠᠶᠢᠩᠭᠤ ᠶᠢᠨ ᠬᠤᠷᠢᠶᠠᠨ ᠤ ᠭᠡᠰᠢᠬᠦᠨ᠂ ᠱᠦᠵᠢ ᠶᠢᠨ | ᠲᠤᠰᠢᠶᠠᠯ ᠢ ᠬᠠᠷᠢᠭᠤᠴᠠᠵᠤ᠂ ᠯᠢ ᠵᠢᠢ ᠾᠧᠩ ᠨᠦᠬᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠱᠦᠵᠢ᠂ ᠪᠠᠶᠢᠩᠭᠤ ᠶᠢᠨ ᠬᠤᠷᠢᠶᠠᠨ ᠤ ᠭᠡᠰᠢᠬᠦᠨ᠂ ᠭᠡᠰᠢᠬᠦᠨ ᠤ ᠲᠤᠰᠢᠶᠠᠯ ᠢ ᠲᠠᠬᠢᠵᠤ | ᠬᠠᠷᠢᠭᠤᠴᠠᠬᠤ ᠦᠭᠡᠢ᠂ ᠪᠤᠰᠤᠳ ᠳᠤᠰᠢᠶᠠᠯ ᠳᠤ ᠳᠤᠮᠢᠯᠠᠨᠡ᠃ | ᠯᠢ ᠵᠢᠢ ᠾᠧᠩ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃ ᠱᠢ ᠲᠠᠢ ᠹᠧᠩ᠂ ᠪᠦ᠋ ᠰᠢᠶᠤᠤ ᠯᠢᠨ | ᠶᠠᠷᠢᠶ᠎ᠠ ᠲᠠᠯᠪᠢᠵᠠᠢ᠃ | ᠯᠢ ᠵᠢᠢ ᠾᠧᠩ ᠶᠠᠷᠢᠶᠠᠨ ᠳᠠᠭᠠᠨ᠂ ᠡᠨᠡ ᠤᠳᠠᠭ᠎ᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠭᠤᠤᠯ ᠤᠳᠤᠷᠢᠳᠬᠤ ᠨᠦᠬᠦᠷ ᠤᠨ ᠳᠤᠰᠢᠶᠠᠯ ᠳᠤ ᠳᠤᠬᠢᠷᠠᠭᠤᠯᠤᠯᠳᠠ ᠬᠢᠭᠰᠡᠨ ᠨᠢ ᠰᠢ ᠶᠢᠨ ᠫᠢᠩ ᠨᠦᠬᠦᠷ ᠢᠶᠠᠷ | ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠥᠪᠦᠷ ᠮᠤᠩᠭᠤᠯ ᠢ ᠳᠤᠳᠤᠨᠤ ᠪᠠᠷ ᠬᠠᠯᠠᠮᠵᠢᠯᠠᠵᠥ᠂ ᠦᠪᠦᠷ | ᠮᠤᠩᠭᠤᠯ ᠤᠨ ᠠᠵᠢᠯ ᠢ ᠬᠦᠢᠴᠡᠳ ᠨᠤᠳᠠᠯᠠᠵᠥ᠂ ᠦᠪᠦᠷ ᠮᠤᠩᠭᠤᠯ ᠤᠨ ᠤᠳᠤᠷᠢᠳᠬᠤ ᠪᠠᠬ ᠤᠨ ᠪᠠᠶᠢᠭᠤᠯᠤᠯᠳᠠ ᠶᠢ | ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ ᠪᠠᠶᠢᠬᠤ ᠶᠢ ᠬᠦᠢᠴᠡᠳ ᠬᠠᠷᠠᠭᠤᠯᠵᠦ ᠪᠠᠶᠢᠨ᠎ᠠ᠂ ᠪᠢ ᠪᠦᠷᠢᠨ ᠬᠦᠷᠢᠶᠡᠯᠡᠵᠦ᠂ | ᠳᠦᠪ ᠬᠤᠷᠢᠶᠠᠨ ᠤ ᠳᠤᠬᠳᠠᠭᠠᠯ ᠢ ᠡᠷᠡᠰ ᠳᠠᠭᠠᠨ᠎ᠠ᠃ ᠱᠢ ᠲᠠᠢ ᠹᠧᠩ ᠨᠦᠬᠦᠷ ᠤᠯᠤᠰ ᠳᠦᠷᠦ ᠶᠢᠨ ᠳᠠᠯ᠎ᠠ ᠪᠠᠷ | ᠡᠷᠡᠰ ᠪᠠᠳᠤ᠂ ᠨᠠᠮᠴᠢ ᠴᠢᠨᠠᠷ ᠤᠨ ᠦᠵᠡᠯᠳᠡ ᠪᠤᠯᠤᠨ ᠶᠡᠭᠡ ᠳᠠᠯ᠎ᠠ ᠶᠢᠨ ᠤᠬᠠᠮᠰᠠᠷ ᠴᠢᠩᠭ᠎ᠠ᠂ ᠳᠦᠷᠦ ᠶᠢᠨ | ᠪᠤᠳᠤᠯᠭ᠎ᠠ ᠤᠨᠤᠯ ᠤᠨ ᠳᠦᠪᠰᠢᠨ ᠦᠨᠳᠤᠷ᠂ ᠤᠳᠤᠷᠢᠳᠬᠤ ᠳᠤᠷᠰᠢᠯᠭ᠎ᠠ ᠪᠠᠶᠠᠯᠢᠭ᠂ ᠬᠠᠷᠠᠴᠠ ᠦᠷᠭᠡᠨ᠂ | ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠤᠪᠤᠷ ᠰᠤᠷᠳᠠᠯ ᠨᠢ ᠠᠷᠠᠳᠴᠢᠯᠠᠯ ᠲᠠᠢ᠂ ᠵᠤᠬᠢᠶᠠᠨ ᠪᠠᠶᠢᠭᠤᠯᠵᠥ | ᠤᠳᠤᠷᠢᠳᠬᠤ ᠪᠠ ᠨᠢᠬᠡᠳᠦᠯᠳᠡᠢ ᠳᠦᠯᠦᠪᠵᠢᠬᠦᠯᠦᠨ ᠵᠤᠬᠢᠴᠠᠭᠤᠯᠬᠤ ᠴᠢᠳᠠᠪᠤᠷᠢ ᠪᠠᠷ ᠴᠢᠩᠭ᠎ᠠ᠂ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠱᠦᠵᠢ ᠶᠢᠨ ᠠᠵᠢᠯ ᠢ ᠯᠠᠪᠳᠠᠢ ᠰᠠᠶᠢᠳᠤᠷ ᠬᠢᠵᠥ᠂ ᠳᠦᠪ ᠬᠤᠷᠢᠶᠠᠨ ᠤ ᠬᠦᠰᠡᠯ | ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠶᠤᠮ᠃ ᠨᠦᠬᠦᠳ ᠨᠠᠷ ᠱᠢ ᠲᠠᠢ ᠹᠧᠩ ᠨᠦᠬᠦᠷ ᠤᠨ ᠠᠵᠢᠯ ᠢ ᠪᠦᠬᠦ | ᠬᠦᠴᠦ ᠪᠠᠷ ᠢᠶᠠᠨ ᠳᠡᠮᠵᠢᠵᠥ᠂ ᠰᠡᠳᠬᠢᠯ ᠢᠶᠠᠨ ᠨᠢᠭᠡᠳᠭᠡᠵᠤ ᠬᠦᠴᠦ ᠪᠠᠨ ᠬᠠᠮᠳᠤᠳᠬᠠᠨ ᠦᠪᠦᠷ ᠮᠤᠩᠭᠤᠯ ᠤᠨ ᠡᠯ᠎ᠡ | ᠵᠦᠢᠯ ᠤᠨ ᠠᠵᠢᠯ ᠦᠢᠯᠡᠰ ᠢ ᠦᠷᠬᠦᠯᠵᠢᠯᠡᠨ ᠤᠷᠤᠬᠰᠢ ᠠᠬᠢᠭᠤᠯᠬᠤ ᠶᠢ ᠬᠦᠰᠡᠵᠥ ᠪᠠᠶᠢᠨ᠎ᠠ ᠬᠡᠪᠡ᠃ | ᠯᠢ ᠵᠢᠢ ᠾᠧᠩ᠂ ᠦᠪᠦᠷ ᠮᠤᠩᠭᠤᠯ ᠪᠤᠯ ᠰᠠᠶᠢᠬᠠᠨ ᠤᠷᠤᠨ ᠮᠦᠨ᠂ ᠦᠷᠬᠡᠨ ᠠᠭᠤᠳᠠᠮ ᠰᠦᠷᠯᠢᠭ | ᠦᠵᠡᠮᠵᠢᠳᠠᠢ᠂ ᠡᠳ᠋ ᠪᠠᠶᠠᠯᠢᠭ ᠡᠯᠪᠡᠭ᠂ ᠬᠦᠮᠦᠨ ᠠᠷᠠᠳ ᠨᠢ ᠰᠡᠴᠡᠨ ᠰᠡᠷᠭᠦᠯᠡᠩ᠂ ᠶᠡᠷᠦᠩᠬᠡᠢ ᠱᠦᠵᠢ ᠰᠢ ᠶᠢᠨ | ᠫᠢᠩ ᠦᠪᠦᠷ ᠮᠤᠩᠭᠤᠯ ᠳᠤ ᠳᠡᠬᠡᠳᠤ ᠬᠡᠮᠵᠢᠶ᠎ᠡ ᠪᠠᠷ ᠠᠩᠬᠠᠷᠤᠯ ᠢᠶᠠᠨ ᠲᠠᠯᠪᠢᠵᠤ᠂ ᠭᠦᠨ ᠰᠡᠳᠭᠢᠯᠭᠡ ᠪᠠᠷ | ᠬᠠᠯᠠᠮᠵᠢᠯᠠᠵᠤ᠂ ᠪᠡᠶ᠎ᠡ ᠪᠠᠷ ᠢᠶᠠᠨ ᠦᠪᠦᠷ ᠮᠤᠩᠭᠤᠯ ᠤᠨ ᠪᠠᠶᠢᠳᠠᠯ ᠳᠤ ᠲᠤᠬᠢᠷᠠᠭᠤᠯᠤᠨ ᠠᠵᠢᠯᠯᠠᠭᠠᠨ ᠤ ᠬᠦᠳᠦᠯᠪᠦᠷᠢ | ᠳᠤᠬᠳᠠᠭᠠᠨ ᠦᠭᠴᠤ᠂ ᠰᠠᠶᠢᠨ ᠰᠠᠶᠢᠬᠠᠨ ᠠᠯᠤᠰ ᠤᠨ ᠳᠦᠰᠦᠪ ᠢ ᠨᠢᠮᠪᠠᠢ ᠵᠢᠷᠤᠬᠯᠠᠨ ᠦᠭᠴᠤ᠂ ᠪᠢᠳᠡᠨ ᠳᠤ ︽ | ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠥ᠂ ᠠᠭᠤᠤ ᠶᠡᠭᠡ ᠳᠤᠮᠳᠠᠳᠤ ᠶᠢᠨ | ᠵᠡᠬᠦᠳᠤ ᠪᠠᠨ ᠬᠠᠮᠳᠤ ᠪᠠᠷ ᠳᠡᠷᠬᠡᠯᠰᠢᠬᠦᠯᠬᠦ︾ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠠᠢ᠃ ᠡᠨᠡ ᠬᠦ | ᠬᠠᠯᠠᠭᠤᠨ ᠬᠦᠷᠦᠰᠦᠨ ᠳᠡᠬᠡᠷ᠎ᠡ ᠨᠠᠮ ᠳᠠᠭᠠᠨ ᠰᠢᠳᠤᠷᠭᠤ ᠪᠠᠷ ᠵᠢᠳᠬᠦᠵᠥ᠂ ᠤᠯᠤᠰ ᠤᠨ ᠢᠶᠠᠨ ᠳᠦᠯᠦᠬᠡ | ᠬᠠᠷᠢᠭᠤᠴᠠᠯᠭ᠎ᠠ ᠪᠠᠨ ᠬᠦᠢᠴᠡᠳᠬᠡᠵᠥ᠂ ᠠᠷᠠᠳ ᠳᠦᠮᠡᠨ ᠳᠤ ᠦᠢᠯᠡᠴᠢᠯᠡᠵᠤ ᠶᠠᠪᠤᠬᠰᠠᠨ ᠨᠢ ᠳᠦᠪ ᠬᠤᠷᠢᠶ᠎ᠠ ᠠᠴᠠ | ᠨᠠᠮᠠᠢᠢ ᠢᠳᠡᠬᠡᠭᠰᠡᠨ ᠶᠠᠪᠤᠳᠠᠯ ᠪᠤᠯᠤᠨ᠎ᠠ᠂ ᠨᠡᠩ ᠴᠤ ᠮᠢᠨᠤ ᠬᠤᠪᠢ ᠢᠷᠦᠬᠡᠯ ᠪᠤᠯᠤᠨ᠎ᠠ᠃ ᠭᠤᠷᠪᠠᠨ ᠵᠢᠯ ᠭᠠᠷᠤᠢ ᠶᠢᠨ | ᠳᠤᠷᠰᠢ᠂ ᠪᠢ ᠢᠮᠠᠬᠳᠠ ︽ᠳᠦᠷᠪᠡᠨ ᠤᠬᠠᠮᠰᠠᠷ︾ ᠢ ᠪᠠᠳᠤ ᠪᠤᠢ ᠪᠤᠯᠭᠠᠵᠥ᠂ ︽ᠳᠦᠷᠪᠡᠨ ᠢᠳᠡᠬᠡᠯ︾ ᠢᠶᠠᠨ | ᠦᠨᠡᠨ ᠬᠦ ᠪᠠᠳᠤᠳᠬᠠᠵᠥ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠥ᠂ ᠦᠪᠡᠷᠳᠡᠬᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠵᠠᠰᠠᠬ ᠤᠨ ᠤᠷᠳᠤᠨ ᠪᠤᠯᠤᠨ ᠮᠤᠵᠢ ᠶᠢᠨ ᠱᠠᠳᠤᠨ ᠤ ᠤᠳᠤᠷᠢᠳᠬᠤ ᠪᠠᠬ ᠤᠨ | ᠪᠦᠷᠢᠯᠳᠦᠬᠦᠨ ᠲᠠᠢ ᠬᠠᠮᠳᠤ ᠪᠠᠷ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠶᠡᠷᠦᠩᠬᠡᠢ | ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ | ᠰᠠᠨᠠᠭ᠎ᠠ ᠶᠢ ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ︽ᠳᠠᠪᠤ ᠶᠢ ᠨᠢᠬᠡ ᠴᠤᠬᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠳᠠ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠥ᠂ ︽ᠳᠦᠷᠪᠡᠨ ᠪᠦᠬᠦ ᠳᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠥ᠂ ᠬᠤᠭᠤᠴᠠᠭ᠎ᠠ ᠪᠦᠷᠢ ᠶᠢᠨ | ᠤᠳᠤᠷᠢᠳᠬᠤ ᠪᠠᠬ ᠤᠨ ᠵᠠᠯᠭᠠᠭ᠎ᠠ ᠪᠠᠷ ᠴᠤᠬᠴᠠᠯᠠᠬᠰᠠᠨ ᠰᠠᠶᠢᠨ ᠰᠠᠭᠤᠷᠢᠨ ᠳᠡᠬᠡᠷ᠎ᠡ᠂ ᠦᠪᠡᠷᠳᠡᠬᠡᠨ ᠵᠠᠰᠠᠬᠤ | ᠤᠷᠤᠨ ᠤ ᠠᠵᠥ ᠠᠬᠤᠢ ᠶᠢᠨ ᠬᠦᠭᠵᠢᠯᠳᠡ᠂ ᠨᠡᠶᠢᠬᠡᠮ ᠤᠨ ᠳᠠᠪᠰᠢᠯᠳᠠ᠂ ᠦᠨᠳᠦᠰᠦᠳᠡᠨ ᠤ ᠪᠦᠯᠬᠦᠮᠳᠡᠯ᠂ ᠬᠢᠯᠢ | ᠬᠢᠵᠠᠭᠠᠷ ᠠᠮᠤᠷ ᠳᠤᠬᠳᠠᠭᠤᠨ ᠪᠠᠶᠢᠬᠤ ᠶᠡᠭᠡ ᠰᠠᠶᠢᠨ ᠪᠠᠶᠢᠳᠠᠯ ᠢ ᠤᠯᠠᠮ ᠴᠢᠨᠠᠬᠰᠢᠳᠠ ᠪᠠᠬᠢᠵᠢᠬᠦᠯᠪᠡ᠃ ᠡᠯ᠎ᠡ | ᠵᠦᠢᠯ ᠤᠨ ᠤᠷᠳᠤ ᠬᠤᠭᠤᠴᠠᠭ᠎ᠠ ᠪᠠᠷ ᠬᠤᠷᠠᠮᠳᠤᠬᠰᠠᠨ ᠵᠦᠷᠢᠴᠡᠯ ᠠᠶᠤᠯ ᠳᠦᠭᠰᠢᠬᠦᠷᠢ ᠪᠤᠯᠤᠨ ᠪᠤᠳᠠᠳᠠᠢ | ᠳᠤᠯᠭᠠᠷᠠᠬᠰᠠᠨ ᠬᠦᠴᠢᠷ ᠠᠰᠠᠭᠤᠳᠠᠯ ᠳᠤ ᠬᠠᠨᠳᠤᠭᠤᠯᠤᠨ᠂ ᠪᠢᠳᠡ ᠬᠦᠨᠳᠤ ᠡᠬᠦᠷᠬᠡ ᠶᠢ ᠮᠡᠳᠡᠵᠥ ᠬᠦᠨᠳᠦ ᠡᠭᠦᠷᠭᠡ ᠶᠢ | ᠡᠬᠦᠷᠬᠡᠯᠡᠵᠥ᠂ ᠡᠷᠡᠮᠡᠬᠡᠶᠢᠯᠡᠨ ᠤᠷᠤᠬᠰᠢᠯᠠᠵᠤ᠂ ᠳᠤᠬᠳᠠᠯ ᠬᠦᠴᠦᠨ ᠢ ᠪᠠᠳᠤᠯᠠᠬᠤ ᠲᠠᠯ᠎ᠠ ᠪᠠᠷ ᠭᠤᠶᠢᠪᠢᠰᠢ ᠦᠬᠡᠢ | ᠪᠠᠶᠢᠵᠤ᠂ ᠳᠠᠷᠤᠯᠳᠠ ᠶᠢ ᠬᠦᠴᠦᠯᠡᠨ ᠲᠤᠯᠬᠤ ᠲᠠᠯ᠎ᠠ ᠪᠠᠷ ᠨᠤᠭᠤᠷᠠᠰᠢ ᠦᠬᠡᠢ ᠪᠠᠶᠢᠵᠥ᠂ ᠨᠠᠷᠢᠯᠢᠬ ᠤᠨᠤᠪᠴᠢᠳᠠᠢ | ᠵᠠᠳᠠᠯᠵᠥ᠂ ᠦᠷᠬᠦᠯᠵᠢᠯᠡᠨ ᠪᠤᠭᠤᠮᠳᠠ ᠰᠢᠪᠳᠤᠯᠵᠥ᠂ ᠡᠳᠦᠢ ᠲᠡᠳᠦᠢ ᠬᠡᠮ ᠰᠤᠭᠤᠭ ᠠᠷᠬᠠᠭ ᠭᠡᠮ ᠢ ᠪᠦᠳᠦᠮᠵᠢᠳᠡᠢ | ᠠᠷᠢᠯᠭᠠᠵᠥ᠂ ᠡᠳᠦᠢ ᠲᠡᠳᠦᠢ ᠵᠦᠷᠢᠴᠡᠯ ᠠᠰᠠᠭᠤᠳᠠᠯ ᠢ ᠰᠢᠢᠳᠪᠦᠷᠢᠯᠡᠵᠥ᠂ ᠡᠳᠦᠢ ᠲᠡᠳᠦᠢ ᠠᠶᠤᠯ ᠳᠦᠭᠰᠢᠬᠦᠷᠢ | ᠲᠠᠯᠳᠠ ᠬᠡᠮ ᠢ ᠠᠷᠢᠯᠭᠠᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠭᠦᠯᠬᠦ ᠪᠠᠷ | ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠰᠠᠶᠢᠳᠤᠷ ᠵᠠᠮᠨᠠᠬᠤ ᠳᠤ ᠰᠠᠶᠢᠨ | ᠰᠠᠶᠢᠬᠠᠨ ᠤᠷᠴᠢᠨ ᠨᠦᠬᠦᠴᠡᠯ ᠢ ᠪᠦᠷᠢᠯᠳᠦᠭᠦᠯᠵᠤ ᠦᠭᠴᠠᠢ᠃ ᠪᠢᠳᠡ ᠪᠦᠬᠦ ᠤᠷᠤᠨ ᠤ ᠲᠡᠭᠡᠳᠦ ᠲᠤᠤᠷᠠᠳᠤ | ᠱᠠᠳᠤᠨ ᠤ ᠬᠢ ᠶᠢ ᠵᠤᠬᠢᠶᠠᠨ ᠪᠠᠶᠢᠭᠤᠯᠵᠥ ᠪᠦᠬᠦ ᠬᠦᠴᠦ ᠪᠠᠷ ᠢᠶᠠᠨ ᠭᠤᠷᠪᠠᠨ ᠶᠡᠭᠡ ᠪᠤᠭᠤᠮᠳᠠ ᠰᠢᠪᠳᠤᠯᠬᠤ | ᠳᠠᠶᠢᠯᠠᠯᠳᠤᠭᠠᠨ ᠢ ᠰᠠᠶᠢᠳᠤᠷ ᠬᠢᠵᠥ᠂ ᠳᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠬᠦᠯᠵᠥ ᠠᠵᠥ ᠠᠬᠤᠢ ᠶᠢᠨ | ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠥ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠤᠷᠳᠤ | ᠬᠤᠭᠤᠴᠠᠭ᠎ᠠ ᠪᠠᠷ ᠴᠢᠩᠭᠠᠳᠬᠠᠵᠥ᠂ ᠰᠡᠳᠬᠢᠯ ᠳᠠᠯᠪᠢᠨ ᠬᠦᠴᠦ ᠤᠷᠤᠭᠤᠯᠵᠥ ᠪᠠᠶᠢᠭᠠᠳ ᠠᠷᠠᠳ ᠤᠨ ᠠᠮᠢᠳᠤᠷᠠᠯ ᠢ | ᠪᠠᠳᠤᠯᠠᠨ ᠰᠠᠶᠢᠵᠢᠷᠠᠭᠤᠯᠵᠥ᠂ ᠨᠡᠶᠢᠬᠡᠮ ᠤᠨ ᠠᠮᠤᠷ ᠳᠤᠬᠳᠠᠭᠤᠨ ᠢ ᠬᠠᠮᠠᠭᠠᠯᠠᠬᠤ ᠠᠵᠢᠯ ᠢ ᠪᠤᠳᠠᠳᠠᠢ ᠨᠠᠷᠢᠯᠢᠭ ᠬᠢᠵᠥ᠂ | ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠬᠦᠨᠵᠡᠬᠡᠶᠢᠷᠡᠬᠦᠯᠬᠦ ᠳᠤ ᠦᠷᠬᠦᠯᠵᠢᠯᠡᠨ ᠬᠦᠴᠦᠯᠡᠵᠥ᠂ ᠤᠨᠴᠠᠭᠠᠢ | ᠳᠠᠳᠠᠬᠤ ᠬᠦᠴᠦᠨ ᠲᠠᠢ᠂ ᠦᠪᠡᠷᠮᠢᠴᠡ ᠤᠨᠴᠠᠯᠢᠭ ᠢᠶᠠᠨ ᠭᠠᠶᠢᠬᠠᠭᠤᠯᠤᠭᠰᠠᠨ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠦᠪᠦᠷ ᠮᠤᠩᠭᠤᠯ ᠶᠠᠬ ᠡᠬᠡ ᠤᠯᠤᠰ ᠤᠨ ᠤᠮᠠᠷᠠᠳᠤ ᠬᠢᠯᠢ ᠳᠤ ᠰᠡᠬᠦ᠋ᠢᠨ ᠰᠦᠨᠳᠡᠷᠯᠡᠵᠥ ᠪᠠᠶᠢᠨ᠎ᠠ ᠬᠡᠵᠡᠢ᠃ | ᠯᠢ ᠵᠢᠢ ᠾᠧᠩ᠂ ᠦᠩᠬᠡᠷᠡᠭᠰᠡᠨ ᠢᠶᠠᠨ ᠡᠷᠬᠢᠴᠡᠬᠦᠯᠬᠦᠶ᠎ᠡ᠂ ᠳᠦᠪ ᠬᠤᠷᠢᠶ᠎ᠠ ᠠᠴᠠ ᠨᠠᠳᠠ ᠶᠢ ᠦᠪᠦᠷ | ᠮᠤᠩᠭᠤᠯ ᠳᠤ ᠲᠤᠮᠢᠯᠠᠨ ᠢᠷᠡᠭᠦᠯᠵᠥ ᠠᠵᠢᠯᠯᠠᠬᠰᠠᠨ ᠳᠡᠷᠡ ᠨᠢᠬᠡ ᠮᠦᠴᠡ ᠠᠴᠠ ᠡᠬᠢᠯᠡᠵᠥ᠂ ᠪᠢ ᠠᠳᠡᠬᠢ ᠶᠢ | ᠦᠪᠡᠷ ᠤᠨ ᠬᠡᠷ ᠢᠶᠠᠨ ᠪᠤᠯᠭᠠᠵᠥ᠂ ᠦᠪᠡᠷ ᠢ ᠪᠠᠨ ᠦᠪᠦᠷ ᠮᠤᠩᠭᠤᠯ ᠤᠨ ᠬᠦᠮᠦᠨ ᠪᠤᠯᠭᠠᠵᠥ᠂ ᠢᠮᠠᠬᠳᠠ ᠦᠢᠯᠡᠰ | ᠪᠤᠰᠬᠠᠬᠴᠢ᠂ ᠰᠢᠷᠭᠠᠭᠤ ᠳᠡᠮᠡᠴᠡᠭᠴᠢ᠂ ᠪᠦᠳᠦᠬᠡᠨ ᠪᠠᠶᠢᠭᠤᠯᠤᠬᠴᠢ ᠶᠢᠨ ᠤᠷᠭᠢᠯᠤᠮ᠎ᠠ ᠬᠠᠯᠠᠭᠤᠨ ᠰᠡᠳᠬᠢᠯ ᠢᠶᠠᠷ | ᠡᠬᠦᠷᠬᠡ ᠳᠤᠰᠢᠶᠠᠯ ᠢᠶᠠᠨ ᠰᠢᠳᠤᠷᠭᠤ ᠪᠠᠷ ᠬᠦᠢᠴᠡᠳᠬᠡᠵᠥ᠂ ᠬᠠᠷᠢᠭᠤᠴᠠᠯᠭ᠎ᠠ ᠪᠠᠨ ᠴᠢᠷᠮᠠᠶᠢᠨ ᠬᠦᠢᠴᠡᠳᠬᠡᠵᠥ᠂ | ᠤᠳᠤᠷᠢᠳᠬᠤ ᠪᠠᠬ ᠢ ᠴᠢᠷᠮᠠᠶᠢᠨ ᠰᠠᠶᠢᠳᠤᠷ ᠠᠳᠬᠤᠵᠥ᠂ ᠡᠩᠨᠡᠭᠡ ᠪᠠᠨ ᠰᠠᠶᠢᠳᠤᠷ ᠳᠠᠭᠠᠭᠤᠯᠵᠥ᠂ ᠠᠵᠢᠯ ᠢᠶᠠᠨ | ᠰᠠᠶᠢᠳᠤᠷ ᠬᠢᠵᠥ᠂ ᠦᠪᠦᠷ ᠮᠤᠩᠭᠤᠯ ᠤᠨ ᠬᠦᠭᠵᠢᠯᠳᠡ ᠳᠤ ᠪᠦᠬᠦ ᠬᠠᠶᠢᠷ᠎ᠠ ᠰᠡᠳᠬᠢᠯᠬᠡ ᠪᠠ ᠤᠶᠤᠨ ᠤᠬᠠᠭᠠᠨ ᠢᠶᠠᠨ | ᠡᠷᠭᠦᠵᠤ᠂ ᠵᠢᠷᠭᠠᠯ ᠵᠤᠪᠠᠯ ᠢᠶᠠᠨ ᠪᠦᠬᠦᠨ ᠢ ᠰᠢᠩᠭᠡᠭᠡᠪᠡ᠃ ᠭᠤᠷᠪᠠᠨ ᠵᠢᠯ ᠭᠠᠷᠤᠢ ᠶᠢᠨ ᠳᠤᠷᠰᠢ᠂ ᠪᠢ ᠦᠪᠦᠷ | ᠮᠤᠩᠭᠤᠯ ᠤᠨ ᠭᠠᠵᠠᠷ ᠪᠤᠯᠭᠠᠨ ᠢᠶᠠᠷ ᠶᠠᠪᠤᠵᠥ᠂ ᠦᠷᠬᠡᠨ ᠤᠯᠠᠨ ᠺᠠᠳ᠋ᠷ ᠤᠯᠠᠨ ᠳᠦᠮᠡᠨ ᠲᠠᠢ ᠬᠦᠨ ᠵᠤᠵᠠᠭᠠᠨ | ᠬᠠᠶᠢᠷ᠎ᠠ ᠰᠡᠳᠬᠢᠯᠬᠡ ᠲᠠᠢ ᠪᠤᠯᠪᠠ᠃ ᠪᠢ ᠨᠦᠬᠦᠳ ᠨᠠᠷ ᠠᠴᠠ ᠮᠠᠰᠢ ᠤᠯᠠᠨ ᠰᠠᠶᠢᠨ ᠵᠠᠩ ᠴᠢᠨᠠᠷ᠂ ᠰᠠᠶᠢᠨ ᠤᠪᠤᠷ | ᠰᠤᠷᠳᠠᠯ᠂ ᠰᠠᠶᠢᠨ ᠳᠤᠷᠰᠢᠯᠭ᠎ᠠ᠂ ᠰᠠᠶᠢᠨ ᠠᠷᠭ᠎ᠠ ᠶᠢ ᠰᠤᠷᠴᠤ ᠡᠵᠡᠮᠰᠢᠪᠡ᠂ ᠡᠨᠡ ᠨᠢ ᠰᠡᠳᠬᠢᠯ ᠳᠤ ᠮᠦᠡᠭᠬᠡ | ᠬᠠᠳᠠᠩᠰᠢᠵᠥ᠂ ᠮᠠᠰᠢ ᠤᠯᠵᠠᠷᠬᠠᠯ ᠪᠤᠯᠵᠤ ᠪᠠᠶᠢᠨ᠎ᠠ᠃ ᠡᠨᠡ ᠴᠠᠬ ᠮᠦᠴᠡ ᠳᠤ ᠦᠪᠦᠷ ᠮᠤᠩᠭᠤᠯ ᠤᠨ ᠠᠵᠢᠯ ᠤᠨ | ᠪᠠᠶᠢᠷᠢ ᠠᠴᠠ ᠪᠠᠨ ᠰᠠᠯᠬᠤ ᠪᠤᠯᠤᠯ᠎ᠠ᠂ ᠪᠢ ᠰᠠᠯᠵᠥ ᠶᠠᠳᠠᠵᠥ ᠪᠤᠢ᠂ ᠰᠡᠳᠬᠢᠯ ᠳᠤ ᠳᠠᠯᠠᠷᠬᠠᠯ ᠳᠦᠬᠦᠷᠡᠩ ᠪᠠᠶᠢᠨ᠎ᠠ᠃ | ᠤᠮᠠᠷᠠᠳᠤ ᠬᠢᠯᠢ ᠳᠤᠷ ᠭᠤᠷᠪᠠᠨ ᠨᠠᠮᠤᠷ ᠢ ᠦᠩᠬᠡᠷᠡᠬᠡᠬᠦᠶᠡ᠂ ᠳᠠᠯ᠎ᠠ ᠨᠤᠳᠤᠭ ᠤᠨ ᠬᠠᠶᠢᠷ᠎ᠠ ᠨᠢᠬᠡ ᠨᠠᠰᠤᠨ ᠳᠤᠷ | ᠰᠢᠩᠬᠡᠮᠤᠢ᠃ ᠪᠢ ᠦᠨᠢ ᠡᠬᠦᠷᠢᠳᠡ ᠦᠪᠦᠷ ᠮᠤᠩᠭᠤᠯ ᠤᠨ ᠬᠦᠮᠦᠨ᠂ ᠬᠤᠶᠢᠰᠢᠳᠠ ᠬᠠᠮᠢᠭ᠎ᠠ ᠬᠦᠷᠦᠭᠰᠡᠨ ᠴᠤ᠂ | ᠦᠪᠦᠷ ᠮᠤᠩᠭᠤᠯ ᠢ ᠬᠠᠶᠢᠷᠠᠯᠠᠵᠥ᠂ ᠦᠪᠦᠷ ᠮᠤᠩᠭᠤᠯ ᠢ ᠳᠤᠷᠠᠰᠴᠤ᠂ ᠦᠪᠦᠷ ᠮᠤᠩᠭᠤᠯ ᠢ ᠠᠩᠬᠠᠷᠴᠤ᠂ ᠦᠪᠦᠷ | ᠮᠤᠩᠭᠤᠯ ᠢ ᠳᠡᠮᠵᠢᠵᠥ᠂ ᠦᠪᠦᠷ ᠮᠤᠩᠭᠤᠯ ᠢ ᠬᠦᠰᠡᠨ ᠵᠦᠩᠨᠡᠨ᠎ᠡ᠃ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠳᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠱᠢ ᠲᠠᠢ ᠹᠧᠩ ᠨᠦᠬᠦᠷ ᠢᠶᠠᠷ | ᠪᠠᠬ ᠤᠨ ᠳᠠᠷᠤᠭ᠎ᠠ ᠪᠤᠯᠭᠠᠬᠰᠠᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ᠂ | ᠦᠪᠦᠷ ᠮᠤᠩᠭᠤᠯ ᠡᠨᠡ ᠬᠦ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠯᠠᠪᠳᠠᠢ ᠨᠡᠩ ᠦᠵᠡᠰᠬᠦᠯᠡᠩᠳᠤ | ᠰᠠᠶᠢᠬᠠᠨ ᠪᠤᠯᠵᠥ ᠴᠢᠳᠠᠨ᠎ᠠ ᠬᠡᠳᠡᠭ ᠢ ᠪᠢ ᠪᠠᠳᠤ ᠢᠳᠡᠬᠡᠵᠥ ᠪᠠᠶᠢᠨ᠎ᠠ ᠬᠡᠪᠡ᠃ | ᠱᠢ ᠲᠠᠢ ᠹᠧᠩ ᠶᠠᠷᠢᠶᠠᠨ ᠳᠠᠭᠠᠨ᠂ ᠨᠠᠮ ᠤᠨ ᠳᠦᠪ ᠬᠤᠷᠢᠶᠠᠨ ᠤ ᠳᠤᠬᠳᠠᠭᠠᠯ ᠢ ᠴᠢᠩ ᠰᠡᠳᠭᠢᠯ ᠠᠴᠠ ᠪᠠᠨ | ᠬᠦᠷᠢᠶᠠᠯᠠᠵᠤ᠂ ᠡᠷᠡᠰ ᠢᠶᠠᠷ ᠳᠠᠭᠠᠨ᠎ᠠ᠃ ᠪᠢ ᠯᠠᠪᠳᠠᠢ ᠬᠤᠪᠢ ᠳ᠋ᠠᠬᠢᠨ ᠨᠠᠨᠳᠢᠩᠨᠠᠵᠥ᠂ ᠦᠨᠡᠨᠴᠢ ᠰᠢᠳᠤᠷᠭᠤ ᠪᠠᠷ | ᠳᠤᠰᠢᠶᠠᠯ ᠢᠶᠠᠨ ᠬᠦᠢᠴᠡᠳᠬᠡᠵᠥ᠂ ᠪᠦᠬᠦ ᠤᠷᠦᠠ ᠤ ᠦᠷᠬᠡᠨ ᠤᠯᠠᠨ ᠺᠡᠳ᠋ᠷ ᠤᠯᠠᠠ ᠳᠦᠮᠡᠡ ᠲᠠᠢ ᠬᠠᠮᠳᠤ ᠪᠠᠷ | ᠴᠢᠷᠮᠠᠶᠢᠵᠥ᠂ ᠬᠠᠮᠳᠤ ᠪᠠᠷ ᠳᠡᠮᠡᠴᠡᠵᠥ᠂ ︽ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ | ᠪᠠᠶᠢᠭᠤᠯᠵᠥ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠬᠠᠮᠳᠤ ᠪᠠᠷ ᠳᠡᠷᠬᠡᠯᠰᠢᠬᠦᠯᠬᠦ︾ ᠳᠤ ᠦᠪᠡᠷ ᠤᠨ ᠪᠦᠬᠦ | ᠰᠡᠳᠬᠢᠯ ᠪᠦᠬᠦ ᠬᠦᠴᠦᠨ ᠢᠶᠠᠨ ᠨᠡᠮᠡᠷᠢᠯᠡᠨ᠎ᠡ ᠬᠡᠵᠥ ᠢᠯᠡᠳᠬᠡᠪᠡ᠃ | ᠱᠢ ᠲᠠᠢ ᠹᠧᠩ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠤᠨ ᠠᠵᠢᠯ ᠢ ᠢᠮᠠᠬᠳᠠ ᠳᠡᠬᠡᠳᠤ | ᠬᠡᠮᠵᠢᠶ᠎ᠡ ᠪᠠᠷ ᠴᠢᠬᠤᠯᠠᠴᠢᠯᠠᠵᠥ᠂ ᠦᠪᠦᠷ ᠮᠤᠩᠭᠤᠯ ᠤᠨ ᠠᠷᠠᠳ ᠳᠦᠮᠡᠨ ᠢ ᠢᠮᠠᠬᠳᠠ ᠰᠡᠳᠬᠢᠯ ᠳᠡᠭᠡᠨ ᠪᠤᠳᠤᠵᠥ | ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠰᠢᠷᠢᠰ ᠴᠢᠬᠤᠯᠠ ᠶᠠᠷᠢᠶ᠎ᠠ ᠪᠠ | ᠴᠢᠬᠤᠯᠠ ᠵᠢᠭᠠᠪᠤᠷᠢ ᠱᠠᠭᠠᠷᠳᠠᠯᠭ᠎ᠠ ᠨᠢ ᠦᠪᠦᠷ ᠮᠤᠩᠭᠤᠯ ᠤᠨ ᠬᠦᠭᠵᠢᠯᠳᠡ ᠳᠤ ᠰᠢᠨ᠎ᠡ ᠪᠠᠶᠢᠷᠢ ᠳᠤᠬᠳᠠᠭᠠᠯᠳᠠ ᠶᠢ | ᠳᠤᠬᠳᠠᠭᠠᠵᠥ᠂ ᠰᠢᠨ᠎ᠡ ᠡᠬᠦᠷᠬᠡ ᠤᠯᠭᠤᠵᠠᠢ᠂ ᠡᠨᠡ ᠪᠤᠯ ᠦᠪᠦᠷ ᠮᠤᠩᠭᠤᠯ ᠤᠨ ᠦᠬᠡᠷᠡᠴᠢᠯᠡᠯᠳᠡ ᠨᠡᠬᠡᠬᠡᠯᠳᠡ ᠪᠤᠯᠤᠨ | ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢᠨ ᠦᠨᠳᠦᠰᠤᠨ ᠵᠦᠭᠯᠡᠭᠦᠷ ᠪᠤᠯᠤᠨ᠎ᠠ᠃ ᠪᠢᠳᠡ ᠡᠷᠬᠡᠪᠰᠢ | ᠬᠦᠨᠵᠡᠬᠡᠢ ᠰᠤᠷᠤᠯᠴᠠᠨ ᠦᠢᠯᠠᠭᠠᠵᠥ᠂ ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ ᠬᠡᠪᠡ᠃ | ᠱᠢ ᠲᠠᠢ ᠹᠧᠩ᠂ ᠯᠢ ᠵᠢᠢ ᠾᠧᠩ ᠨᠦᠭᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ | ᠢᠷᠡᠵᠥ ᠠᠵᠢᠯᠯᠠᠬᠰᠠᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠶᠢ ᠪᠦᠬᠦ | ᠤᠷᠤᠨ ᠤ ᠡᠯ᠎ᠡ ᠵᠦᠢᠯ ᠤᠨ ᠠᠵᠢᠯ ᠤᠨ ᠭᠤᠤᠯ ᠬᠦᠭ ᠠᠶᠠᠰ ᠪᠤᠯᠭᠠᠵᠥ᠂ ᠦᠬᠡᠷᠡᠴᠢᠯᠡᠯᠳᠡ ᠬᠦᠭᠵᠢᠯᠳᠡ ᠶᠢᠨ | ᠳᠤᠮᠳᠠᠬᠢ ᠳᠤᠪᠤᠶᠢᠮ᠎ᠠ ᠵᠦᠷᠢᠴᠡᠯ ᠪᠤᠯᠤᠨ ᠬᠦᠴᠢᠷ ᠠᠰᠠᠭᠤᠳᠠᠯ ᠢ ᠪᠦᠳᠦᠬᠡᠯᠴᠢ ᠪᠠᠷ ᠰᠢᠢᠳᠪᠤᠷᠢᠯᠡᠵᠤ᠂ ᠦᠪᠦᠷ | ᠮᠤᠩᠭᠤᠯ ᠤᠨ ᠦᠬᠡᠷᠡᠴᠢᠯᠡᠯᠳᠡ ᠬᠦᠭᠵᠢᠯᠳᠡ ᠳᠤᠬᠳᠠᠭᠤᠨ ᠳᠤ ᠦᠯᠡᠮᠵᠢᠬᠡᠨ ᠪᠦᠳᠦᠮᠵᠢᠳᠡᠢ ᠠᠵᠢᠯ ᠬᠢᠵᠥ᠂ ᠦᠪᠦᠷ | ᠮᠤᠩᠭᠤᠯ ᠤᠨ ᠬᠦᠭᠵᠢᠯᠳᠡ ᠶᠢ ᠠᠬᠢᠭᠤᠯᠤᠨ ᠰᠢᠨ᠎ᠡ ᠰᠠᠶᠢᠨ ᠰᠠᠶᠢᠬᠠᠨ ᠪᠠᠶᠢᠳᠠᠯ ᠲᠠᠢ ᠪᠤᠯᠭᠠᠵᠥ᠂ ᠦᠪᠡᠷᠳᠡᠬᠡᠨ | ᠵᠠᠰᠠᠬᠤ ᠤᠷᠤᠨ ᠰᠢᠨ᠎ᠡ ᠴᠠᠬ ᠦᠶ᠎ᠡ ᠳᠤ ᠨᠡᠩ ᠦᠨᠳᠤᠷ ᠬᠠᠷᠠᠯᠳᠠ ᠳᠡᠶᠢᠰᠢ ᠤᠷᠤᠬᠰᠢᠯᠠᠨ ᠳᠠᠪᠰᠢᠬᠤ ᠳᠤ ᠪᠠᠳᠤ | ᠰᠠᠭᠤᠷᠢ ᠲᠠᠯᠪᠢᠵᠤ ᠦᠭᠴᠡᠢ᠃ ᠯᠢ ᠵᠢᠢ ᠾᠧᠩ ᠨᠦᠬᠦᠷ ᠰᠢᠨ᠎ᠡ ᠠᠵᠢᠯ ᠤᠨ ᠪᠠᠶᠢᠷᠢᠨ ᠳᠠᠭᠠᠨ ᠨᠠᠮ ᠪᠠ ᠠᠷᠠᠳ | ᠳᠦᠮᠡᠨ ᠤ ᠠᠵᠢᠯ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠶᠢ ᠴᠢᠩ ᠰᠡᠳᠬᠢᠯ ᠠᠴᠠ ᠪᠠᠨ | ᠬᠦᠰᠡᠵᠥ ᠪᠠᠶᠢᠨ᠎ᠠ᠂ ᠯᠢ ᠵᠢᠢ ᠾᠧᠩ ᠨᠦᠬᠦᠷ ᠦᠪᠦᠷ ᠮᠤᠩᠭᠤᠯ ᠤᠨ ᠬᠦᠭᠵᠢᠯᠳᠡ ᠶᠢ ᠦᠷᠬᠦᠯᠵᠢᠯᠡᠨ ᠬᠠᠯᠠᠮᠵᠢᠯᠠᠵᠥ | ᠳᠡᠮᠵᠢᠬᠦ ᠶᠢ ᠴᠢᠩ ᠰᠡᠳᠬᠢᠯ ᠠᠴᠠ ᠪᠠᠨ ᠬᠦᠰᠡᠵᠥ ᠪᠠᠶᠢᠨ᠎ᠠ ᠬᠡᠪᠡ᠃ | ᠱᠢ ᠲᠠᠢ ᠹᠧᠩ᠂ ᠤᠳᠤᠬᠠᠨ ᠳᠤ᠂ ᠥᠪᠦᠷ ᠮᠤᠩᠭᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠰᠢᠢᠳᠪᠤᠷᠢᠳᠦ ᠢᠯᠡᠯᠳᠠ ᠤᠯᠬᠤ ᠵᠠᠩᠬᠢᠯᠠᠭ᠎ᠠ ᠶᠢᠨ ᠬᠤᠭᠤᠴᠠᠭ᠎ᠠ ᠳᠤ᠂ ᠡᠨᠡ ᠬᠦ ᠠᠮᠢᠵᠢᠷᠠᠯ ᠤᠨ ᠬᠦᠴᠦ ᠪᠠ ᠬᠦᠰᠡᠯ | ᠡᠷᠡᠮᠡᠯᠵᠡᠯ ᠢᠶᠠᠷ ᠪᠢᠯᠬᠠᠭᠰᠠᠨ ᠬᠠᠯᠠᠭᠤᠨ ᠬᠦᠷᠦᠰᠦᠨ ᠳᠤ ᠬᠦᠯ ᠲᠠᠯᠪᠢᠵᠤ᠂ ᠥᠪᠦᠷ ᠮᠤᠩᠭᠤᠯ ᠤᠨ ᠠᠷᠠᠳ | ᠲᠦᠮᠡᠨ ᠠᠴᠠ ᠰᠤᠷᠤᠯᠴᠠᠨ᠂ ᠥᠪᠦᠷ ᠮᠤᠩᠭᠤᠯ ᠤᠨ ᠠᠷᠠᠳ ᠲᠦᠮᠡᠨ ᠳᠤ ᠦᠢᠯᠡᠴᠢᠯᠡᠬᠦ ᠪᠤᠯᠤᠬᠰᠠᠨ ᠳᠠᠭᠠᠨ᠂ ᠪᠢ | ᠠᠵᠠ ᠵᠠᠪᠰᠢᠶᠠᠨ ᠭᠡᠵᠤ ᠪᠤᠳᠤᠵᠤ ᠪᠠᠶᠢᠬᠤ ᠮᠦᠷᠳᠡᠭᠡᠨ ᠮᠠᠰᠢ ᠪᠠᠶᠠᠷᠳᠠᠢ ᠪᠠᠶᠢᠨ᠎ᠠ᠂ ᠬᠠᠷᠢᠭᠤᠴᠠᠯᠭ᠎ᠠ ᠨᠡᠩ ᠬᠦᠨᠳᠦ | ᠪᠤᠯᠤᠬᠰᠠᠨ ᠭᠡᠵᠤ ᠪᠤᠳᠤᠵᠤ ᠪᠠᠶᠢᠨ᠎ᠠ᠃ ᠡᠨᠡ ᠡᠳᠦᠷ ᠠᠴᠠ ᠡᠬᠢᠯᠡᠵᠦ᠂ ᠪᠢ ᠥᠪᠦᠷ ᠮᠤᠩᠭᠤᠯ ᠤᠨ ᠬᠦᠮᠦᠨ ᠪᠤᠯᠤᠯ᠎ᠠ᠂ | ᠥᠪᠦᠷ ᠮᠤᠩᠭᠤᠯ ᠪᠤᠯ ᠮᠢᠨᠤ ᠰᠢᠨ᠎ᠠ ᠨᠤᠳᠤᠭ ᠮᠦᠨ᠃ ᠪᠢ ᠶᠡᠷᠦᠩᠭᠡᠢ ᠱᠦᠵᠢ ᠰᠢ ᠶᠢᠨ ᠫᠢᠩ ᠤᠨ ᠬᠦᠰᠡᠯ | ᠨᠠᠶᠢᠳᠠᠯᠠᠭ᠎ᠠ ᠪᠠ ᠨᠠᠮ ᠤᠨ ᠲᠦᠪ ᠬᠤᠷᠢᠶᠠᠨ ᠤ ᠱᠠᠭᠠᠷᠳᠠᠯᠭ᠎ᠠ ᠶᠢ ᠰᠡᠳᠬᠢᠯ ᠳᠡᠭᠡᠨ ᠬᠠᠳᠠᠩᠰᠢᠭᠤᠯᠵᠦ᠂ ᠥᠪᠦᠷ | ᠮᠤᠩᠭᠤᠯ ᠤᠷᠤᠨ ᠳᠤ ᠬᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠤᠷᠯᠡᠨ᠂ ᠪᠦᠬᠦ ᠰᠡᠳᠬᠢᠯ ᠪᠦᠬᠦ | ᠵᠤᠷᠢᠭ ᠢᠶᠠᠷ ᠢᠶᠠᠨ ᠠᠵᠢᠯᠯᠠᠨ᠂ ᠪᠦᠬᠦ ᠤᠷᠤᠨ ᠤ ᠺᠠᠳ᠋ᠷ ᠤᠯᠠᠨ ᠲᠦᠮᠡᠨ ᠲᠠᠢ ᠬᠠᠮᠳᠦ ᠪᠠᠷ ᠴᠢᠬᠤᠯᠠ ᠶᠡᠭᠡ | ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠠᠮᠵᠢᠵᠤ᠂ ᠰᠡᠳᠬᠢᠯ ᠨᠢᠭᠡᠳᠭᠡᠨ ᠬᠦᠴᠦ ᠪᠠᠨ ᠬᠠᠮᠳᠤᠳᠬᠠᠵᠦ᠂ | ᠦᠷᠬᠦᠯᠵᠢᠯᠡᠨ ᠲᠡᠮᠡᠴᠡᠵᠦ᠂ ᠪᠦᠬᠦ ᠤᠷᠤᠨ ᠤ ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠰᠢᠨ᠎ᠠ ᠪᠠᠶᠢᠳᠠᠯ ᠢ | ᠳᠠᠰᠤᠷᠠᠯᠳᠠ ᠦᠭᠡᠢ ᠡᠬᠦᠳᠦᠨ᠎ᠠ ᠭᠡᠪᠡ᠃ | ᠨᠢᠭᠡ ᠳᠤ᠂ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠬᠦᠯᠦᠨ᠎ᠠ᠃ ᠲᠤᠭ ᠳᠡᠮᠳᠡᠭ ᠳᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ ᠤᠨ | ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠬᠦᠨᠵᠡᠭᠡᠢ ᠰᠤᠷᠤᠯᠴᠨᠨ ᠲᠤᠭᠤᠰᠢᠯᠠᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ | ᠰᠠᠭᠤᠷᠢ ᠶᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶᠠᠨ ᠤ ᠡᠷᠭᠡ ᠰᠦᠷ ᠪᠠ ᠲᠦᠪᠯᠡᠷᠡᠩᠬᠦᠢ ᠨᠢᠭᠡᠳᠦᠯᠳᠠᠢ | ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠲᠤᠬᠠᠢ | ᠠᠯᠢ ᠤᠯᠠᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠯᠤᠭ᠎ᠠ ᠰᠠᠨᠠᠭᠠᠴᠢᠯᠠᠭ᠎ᠠ ᠠᠴᠠ ᠪᠠᠨ | ᠪᠠᠷᠢᠮᠵᠢᠶᠡᠯᠡᠨ ᠬᠠᠷᠭᠤᠭᠤᠯᠵᠦ᠂ ᠰᠤᠷᠤᠯᠴᠠᠨ ᠲᠤᠭᠤᠰᠢᠯᠠᠭᠤᠯᠬᠤ ᠠᠵᠢᠯ ᠢ ᠡᠷᠡᠰ ᠰᠠᠶᠢᠳᠤᠷ ᠠᠳᠬᠤᠵᠦ᠂ ᠨᠠᠮ ᠤᠨ | ᠲᠦᠪ ᠬᠤᠷᠢᠶᠠᠨ ᠤ ᠡᠯ᠎ᠠ ᠵᠦᠢᠯ ᠤᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠥᠪᠦᠷ ᠮᠤᠩᠭᠤᠯ ᠳᠤ | ᠲᠤᠭᠤᠰᠢᠯᠠᠬᠳᠠᠨ ᠦᠷ᠎ᠡ ᠪᠦᠳᠦᠮᠵᠢ ᠤᠯᠬᠤ ᠶᠢ ᠪᠠᠳᠤᠯᠠᠨ᠎ᠠ᠃ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠠᠳᠤ | ᠪᠤᠢ ᠪᠤᠯᠭᠠᠵᠦ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ | ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠡᠬᠦᠯᠵᠦ᠂ | ᠠᠵᠤ ᠠᠬᠤᠢ ᠶᠢᠨ ᠬᠦᠭᠵᠢᠯᠳᠠ ᠶᠢᠨ ᠴᠢᠨᠠᠷ ᠴᠢᠨᠰᠠᠭ᠎ᠠ ᠶᠢᠨ ᠬᠤᠪᠢᠰᠤᠯᠳᠠ᠂ ᠦᠷ᠎ᠠ ᠠᠰᠢᠬ ᠤᠨ ᠬᠤᠪᠢᠰᠤᠯᠳᠠ᠂ | ᠬᠦᠳᠡᠯᠭᠡᠬᠦ ᠬᠦᠴᠦᠨ ᠤ ᠬᠤᠪᠢᠰᠤᠯᠳᠠ ᠶᠢ ᠠᠬᠢᠭᠤᠯᠤᠨ᠂ ᠠᠵᠤ ᠠᠬᠤᠢ ᠶᠢᠨ ᠰᠢᠨ᠎ᠠ ᠶᠢ ᠡᠬᠦᠳᠬᠦ ᠬᠦᠴᠦ ᠪᠠ | ᠦᠷᠢᠰᠦᠯᠳᠦᠬᠦ ᠬᠦᠴᠦ ᠶᠢ ᠳᠠᠰᠤᠷᠠᠯᠳᠠ ᠦᠭᠡᠢ ᠴᠢᠩᠭᠠᠳᠬᠠᠨ᠎ᠠ᠃ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ | ᠪᠤᠬᠢᠷᠳᠤᠯ ᠦᠭᠡᠢ ᠬᠦᠭᠵᠢᠬᠦᠯᠬᠦ ᠶᠢ ᠪᠠᠷᠢᠮᠳᠠᠯᠠᠵᠦ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠨ᠎ᠠ᠃ ︽ᠤᠬ ᠰᠠᠨᠠᠭ᠎ᠠ ᠪᠠᠨ ᠰᠠᠬᠢᠵᠦ ᠡᠬᠦᠷᠭᠡ | ᠬᠠᠷᠢᠭᠤᠯᠴᠠᠯᠭ᠎ᠠ ᠡᠭᠦᠷᠭᠡᠯᠡᠨ᠂ ᠵᠦᠷᠢᠶ᠎ᠠ ᠪᠠᠨ ᠡᠷᠢᠵᠦ ᠨᠠᠶᠢᠳᠠᠪᠤᠷᠢᠵᠢᠭᠤᠯᠤᠯᠳᠠ ᠶᠢ ᠠᠳᠬᠤᠬᠤ︾ ᠶᠡᠷᠦᠩᠭᠡᠢ | ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ | ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠠ᠃ | ᠬᠤᠶᠠᠷ ᠲᠤ᠂ ᠨᠢᠭᠡ ᠰᠡᠳᠬᠢᠯ ᠢᠶᠠᠷ ᠠᠷᠠᠳ ᠤᠨ ᠲᠦᠯᠦᠭᠡ ᠵᠢᠳᠬᠦᠬᠦ ᠶᠢ ᠪᠠᠷᠢᠮᠳᠠᠯᠠᠵᠦ᠂ ᠦᠨᠡᠨ ᠬᠦ ᠠᠷᠠᠳ | ᠲᠦᠮᠡᠨ ᠤ ᠰᠠᠶᠢᠨ ᠠᠯᠪᠠᠨ ᠵᠠᠷᠤᠴᠠ ᠪᠤᠯᠤᠨ᠎ᠠ᠃ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠳᠤ | ᠦᠢᠯᠡᠴᠢᠯᠡᠬᠦ ᠵᠤᠷᠢᠯᠳᠠ ᠶᠢ ᠪᠠᠳᠤ ᠴᠡᠭᠡᠵᠢᠯᠡᠵᠦ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠠ ᠶᠢᠨ | ᠦᠵᠡᠯ ᠰᠠᠨᠠᠭ᠎ᠠ ᠶᠢ ᠦᠢᠯᠡᠳᠦᠯᠭᠡᠵᠢᠬᠦᠯᠦᠨ᠂ ᠡᠮᠦᠨ᠎ᠡ ᠹᠷᠤᠨᠲ ᠲᠤ ᠬᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠵᠤ᠂ | ᠵᠠᠰᠠᠬ ᠤᠨ ᠠᠵᠢᠯ ᠠᠷᠭ᠎ᠠ ᠪᠤᠳᠤᠯᠭ᠎ᠠ ᠭᠡᠷᠡᠭᠴᠡᠭᠡ ᠱᠠᠭᠠᠷᠳᠠᠯᠭ᠎ᠠ ᠶᠢ ᠠᠷᠠᠳ ᠲᠦᠮᠡᠨ ᠠᠴᠠ ᠠᠰᠠᠭᠤᠵᠤ᠂ | ᠠᠷᠠᠳ ᠤᠨ ᠠᠮᠢᠳᠤᠷᠠᠯ ᠤᠨ ᠡᠯ᠎ᠠ ᠵᠦᠢᠯ ᠤᠨ ᠦᠢᠯᠡᠰ ᠢ ᠯᠠᠪᠳᠠᠭᠤᠨ ᠪᠠᠳᠤᠳᠠᠢ ᠬᠢᠵᠤ᠂ ᠠᠷᠠᠳ ᠤᠯᠠᠨ ᠳᠤ ᠨᠡᠩ | ᠤᠯᠠᠨ ᠨᠡᠩ ᠰᠢᠭᠤᠳ ᠨᠠᠩ ᠪᠤᠳᠠᠳᠠᠢ ᠬᠦᠷᠳᠡᠮᠵᠢ ᠶᠢᠨ ᠲᠦᠷᠦᠭᠳᠡᠯ᠂ ᠵᠢᠷᠭᠠᠯᠳᠦ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠤᠯᠭᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠲᠡᠷᠢᠬᠦᠨ ᠴᠢᠬᠤᠯᠠ | ᠶᠡᠭᠡ ᠶᠠᠪᠤᠳᠠᠯ ᠪᠠ ᠠᠷᠠᠳ ᠤᠨ ᠠᠮᠢᠳᠤᠷᠠᠯ ᠤᠨ ᠲᠡᠷᠢᠭᠦᠨ ᠢᠨᠵᠧᠨᠧᠷᠢᠩ ᠪᠤᠯᠭᠠᠬᠤ ᠶᠢ ᠪᠠᠷᠢᠮᠳᠠᠯᠠᠵᠦ᠂ ᠤᠨᠴᠠ | ᠶᠠᠳᠠᠭᠤ ᠬᠦᠴᠢᠷᠳᠡᠯ ᠤᠨ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠢᠶᠠᠷ ᠤᠯᠤᠨ᠎ᠠ᠃ ᠦᠨᠳᠦᠰᠦᠳᠡᠨ ᠤ ᠪᠦᠯᠬᠦᠮᠳᠡᠯ ᠢ | ᠬᠠᠮᠠᠭᠠᠯᠠᠬᠤ ᠶᠢ ᠥᠪᠦᠷ ᠮᠤᠩᠭᠤᠯ ᠤᠨ ᠬᠦᠭᠵᠢᠯ ᠴᠡᠴᠡᠭᠯᠡᠯ ᠤᠨ ᠬᠠᠮᠤᠭ ᠤᠨ ᠶᠡᠭᠡ ᠤᠷᠢᠳᠠᠯ ᠪᠤᠯᠭᠠᠬᠤ ᠶᠢ | ᠪᠠᠷᠢᠮᠳᠠᠯᠠᠵᠦ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ | ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠬᠦᠨᠵᠡᠭᠡᠶᠢᠷᠡᠬᠦᠯᠵᠦ᠂ ᠰᠠᠬᠢᠨ ᠪᠠᠷᠠᠯᠠᠵᠦ ᠬᠠᠷᠢᠯᠴᠠᠨ | ᠬᠠᠪᠰᠤᠷᠤᠯᠴᠠᠬᠤ ᠤᠢᠢᠯᠠᠭᠠᠭᠳᠠᠬᠤᠨ ᠢ ᠦᠢᠯᠡᠳᠦᠯᠭᠡᠵᠢᠬᠦᠯᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠢ | ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠬᠦᠯᠵᠤ᠂ ᠡᠭᠡ ᠤᠯᠤᠰ ᠤᠨ ᠬᠢᠯᠢ ᠬᠢᠵᠠᠭᠠᠷ ᠢ | ᠬᠠᠮᠳᠤ ᠪᠠᠷ ᠰᠠᠬᠢᠨ ᠬᠠᠮᠠᠭᠠᠯᠠᠵᠦ᠂ ᠰᠠᠶᠢᠨ ᠰᠠᠶᠢᠬᠠᠨ ᠠᠮᠢᠳᠤᠷᠠᠯ ᠢ ᠬᠠᠮᠳᠤ ᠪᠠᠷ ᠴᠤᠬᠴᠠᠯᠠᠨ᠎ᠠ᠃ ᠤᠯᠤᠰ ᠤᠨ ᠠᠮᠤᠷ | ᠲᠦᠪᠰᠢᠨ ᠪᠠ ᠬᠢᠯᠢ ᠬᠢᠵᠠᠭᠠᠷ ᠤᠨ ᠠᠮᠤᠷ ᠲᠤᠭᠳᠠᠭᠤᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ | ᠬᠠᠷᠢᠭᠤᠴᠠᠯᠭ᠎ᠠ ᠶᠢ ᠡᠬᠦᠷᠭᠡᠯᠡᠵᠦ᠂ ᠡᠯ᠎ᠠ ᠵᠦᠢᠯ ᠤᠨ ᠠᠶᠦᠯ ᠲᠦᠭᠰᠢᠬᠦᠷᠢ ᠶᠢ ᠪᠦᠳᠦᠮᠵᠢᠳᠠᠢ ᠰᠡᠷᠭᠡᠶᠢᠯᠡᠨ ᠨᠠᠮᠳᠠᠭᠠᠵᠦ | ᠬᠠᠮᠢᠶᠠᠷᠤᠨ ᠡᠵᠡᠮᠳᠡᠵᠦ᠂ ᠡᠭᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠤ ᠲᠤᠭᠳᠠᠭᠤᠨ ᠬᠠᠯᠬᠠᠪᠴᠢ ᠶᠢ ᠪᠠᠳᠤ | ᠴᠤᠬᠴᠠᠯᠠᠨ᠎ᠠ᠃ | ᠭᠤᠷᠪᠠ ᠳᠤ᠂ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠶᠢᠯᠠᠭ᠎ᠠ ᠭᠠᠷᠭᠠᠵᠦ᠂ ᠦᠨᠡᠨ ᠬᠦ | ᠠᠳᠬᠤᠵᠦ ᠪᠤᠳᠠᠳᠠᠢ ᠠᠵᠢᠯᠯᠠᠨ᠂ ᠪᠤᠳᠠᠳᠠᠢ ᠶᠢ ᠡᠷᠬᠢᠮᠯᠡᠨ ᠰᠢᠷᠭᠠᠭᠤ ᠠᠵᠢᠯᠯᠠᠨ᠎ᠠ᠃ ︽ᠬᠦᠴᠢᠷ ᠪᠡᠷᠬᠡᠰᠢᠶᠡᠯ ᠢ | ᠲᠠᠪᠠᠵᠤ᠂ ᠴᠤᠴᠠᠯᠳᠠ ᠦᠭᠡᠢ ᠤᠷᠤᠬᠰᠢᠯᠠᠨ᠂ ᠵᠤᠷᠢᠬᠰᠠᠨ ᠳᠠᠭᠠᠨ ᠵᠠᠪᠠᠯ ᠬᠦᠷᠬᠦ︾ ᠮᠤᠩᠭᠤᠯ ᠮᠤᠷᠢᠨ ᠤ ᠵᠤᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠦ᠂ ᠵᠦᠪ ᠠᠵᠢᠯ ᠤᠨ ᠠᠮᠵᠢᠯᠳᠠ ᠶᠢᠨ ᠤᠢᠢᠯᠠᠭᠠᠭᠳᠠᠬᠤᠨ ᠢ ᠪᠤᠢ ᠪᠤᠯᠭᠠᠵᠦ᠂ | ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ ᠪᠠᠷᠢᠮᠳᠠᠯᠠᠨ᠂ ᠰᠤᠷᠳᠠᠯ ᠢᠶᠠᠨ ᠳᠠᠰᠤᠷᠠᠯᠳᠠ ᠦᠭᠡᠢ | ᠰᠠᠶᠢᠵᠢᠷᠠᠭᠤᠯᠵᠦ᠂ ᠬᠠᠷᠢᠭᠤᠴᠠᠯᠭ᠎ᠠ ᠶᠢ ᠵᠤᠷᠢᠬᠳᠠᠢ ᠪᠠᠷ ᠡᠬᠦᠷᠭᠡᠯᠡᠵᠦ᠂ ᠨᠠᠶᠢᠳᠠᠪᠤᠷᠢᠵᠢᠭᠤᠯᠤᠯᠳᠠ ᠶᠢ ᠰᠠᠶᠢᠳᠤᠷ | ᠠᠳᠬᠤᠨ᠎ᠠ᠃ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠬᠦᠴᠢᠷ ᠢ ᠰᠦᠷᠦᠨ ᠤᠷᠤᠬᠰᠢᠯᠠᠵᠦ᠂ | ᠬᠠᠳᠠᠭᠤ ᠲᠠᠢ ᠨᠢ ᠬᠠᠯᠳᠠᠵᠦ᠂ ᠵᠤᠷᠢᠬᠳᠠᠢ ᠠᠳᠬᠤᠨ ᠵᠤᠷᠢᠬᠳᠠᠢ ᠬᠠᠮᠢᠶᠠᠷᠴᠦ᠂ ᠵᠤᠷᠢᠬᠳᠠᠢ ᠠᠵᠢᠯᠯᠠᠨ ᠵᠢᠳᠬᠦᠯ | ᠴᠢᠷᠮᠠᠶᠢᠯᠠᠭ᠎ᠠ ᠭᠠᠷᠭᠠᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠲᠡᠪᠴᠢᠨ᠂ ᠰᠢᠨ᠎ᠠ ᠶᠢ ᠡᠬᠦᠳᠦᠨ | ᠪᠤᠳᠠᠳᠠᠢ ᠠᠵᠢᠯᠯᠠᠬᠤ ᠪᠤᠳᠠᠳᠤ ᠠᠵᠢᠯᠯᠠᠭ᠎ᠠ᠂ ᠡᠴᠦᠰ ᠲᠤᠨᠢ ᠲᠤᠯᠳᠠᠯ᠎ᠠ ᠠᠳᠬᠤᠬᠤ ᠠᠵᠢᠯ ᠤᠨ ᠡᠷᠴᠢ ᠬᠦᠴᠦ ᠪᠠᠷ | ᠪᠦᠬᠦ ᠤᠷᠤᠨ ᠤ ᠡᠯ᠎ᠠ ᠵᠦᠢᠯ ᠤᠨ ᠠᠵᠢᠯ ᠦᠢᠯᠡᠰ ᠤᠨ ᠬᠦᠭᠵᠢᠯᠳᠠ ᠰᠢᠨ᠎ᠠ ᠰᠢᠪᠳᠤᠯᠤᠯᠳᠠ ᠲᠠᠢ ᠪᠤᠯᠵᠦ᠂ ᠰᠢᠨ᠎ᠠ | ᠳᠡᠭᠳᠡᠷ ᠲᠤ ᠭᠠᠷᠬᠤ ᠶᠢ ᠠᠬᠢᠭᠤᠯᠤᠨ᠎ᠠ᠃ | ᠲᠦᠷᠪᠡ ᠳᠤ᠂ ᠭᠤᠤᠯ ᠴᠤᠬᠴᠠ ᠶᠢᠨ ᠬᠠᠷᠢᠭᠤᠴᠠᠯᠭ᠎ᠠ ᠶᠢ ᠡᠬᠦᠷᠭᠡᠯᠡᠨ᠂ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠪᠦᠷᠢᠯᠳᠦᠬᠦᠯᠦᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠨᠡ ᠬᠦ ᠰᠢᠵᠢᠮ ᠢ | ᠬᠦᠴᠦᠯᠡᠨ ᠴᠢᠩᠭᠠᠷᠠᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠨᠠᠷᠢᠨ ᠬᠢᠨᠠᠮᠠᠭᠠᠢ ᠬᠦᠢᠴᠡᠳᠭᠡᠵᠦ᠂ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠨ᠂ | ᠬᠦᠮᠦᠨ ᠭᠡᠷᠡᠭᠯᠡᠬᠦ ᠵᠦᠪ ᠤᠳᠤᠷᠢᠳᠤᠮᠵᠢ ᠶᠢ ᠪᠤᠢ ᠪᠤᠯᠭᠠᠵᠦ᠂ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ | ᠪᠠᠶᠢᠭᠤᠯᠤᠯᠳᠠ ᠶᠢ ᠴᠢᠩᠭᠠᠳᠬᠠᠨ᠂ ᠰᠤᠷᠳᠠᠯ ᠢ ᠲᠦᠪ ᠪᠤᠯᠭᠠᠵᠦ ᠰᠠᠬᠢᠯᠭ᠎ᠠ ᠪᠠᠳᠤ ᠶᠢ ᠴᠢᠩᠳᠠᠯᠠᠬᠤ ᠶᠢ ᠦᠷᠬᠦᠯᠵᠢᠯᠡᠨ | ᠰᠠᠶᠢᠳᠤᠷ ᠠᠳᠬᠤᠵᠦ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠬᠦᠷᠭᠡᠯᠡᠳᠡᠭ ᠦᠨᠳᠦᠷ ᠬᠡᠪ | ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ | ᠳᠠᠰᠤᠷᠠᠯᠳᠠ ᠦᠭᠡᠢ ᠬᠦᠨᠵᠡᠭᠡᠶᠢᠷᠡᠨ ᠬᠦᠭᠵᠢᠬᠦ ᠶᠢ ᠠᠬᠢᠭᠤᠯᠤᠨ᠎ᠠ᠃ ᠠᠷᠠᠳᠴᠢᠯᠠᠯ ᠲᠦᠪᠯᠡᠷᠡᠯ ᠤᠨ ᠶᠤᠰᠤᠨ ᠤ | ᠵᠠᠷᠴᠢᠮ ᠢᠶᠠᠷ ᠤᠴᠢᠷ ᠶᠠᠪᠤᠳᠠᠯ ᠵᠦᠪᠯᠡᠬᠦ᠂ ᠰᠢᠢᠳᠪᠤᠷᠢᠳᠦ ᠪᠤᠳᠤᠯᠭ᠎ᠠ ᠲᠤᠭᠳᠠᠭᠠᠬᠤ᠂ ᠤᠴᠢᠷ ᠶᠠᠪᠤᠳᠠᠯ | ᠰᠢᠢᠳᠪᠤᠷᠢᠯᠡᠬᠦ ᠶᠢ ᠪᠠᠷᠢᠮᠳᠠᠯᠠᠵᠦ᠂ ᠨᠠᠮ ᠤᠨ ᠲᠤᠳᠤᠭᠠᠳᠤ ᠶᠢᠨ ᠠᠷᠠᠳᠴᠢᠯᠠᠯ ᠢ ᠲᠦᠷᠦᠭᠦᠯᠡᠨ ᠪᠠᠳᠠᠷᠠᠭᠤᠯᠵᠤ᠂ | ᠬᠠᠮᠳᠤ ᠶᠢᠨ ᠤᠳᠤᠷᠢᠳᠤᠯᠭ᠎ᠠ ᠶᠢ ᠲᠦᠷᠦᠬᠦᠯᠡᠨ ᠪᠠᠷᠢᠮᠳᠠᠯᠠᠵᠦ᠂ ᠳᠤᠤᠭᠠᠷᠪᠠᠯ ᠳᠠᠭᠤ ᠨᠢᠭᠡᠳᠠᠢ ᠲᠤᠭᠳᠤᠷᠪᠠᠯ ᠬᠦᠴᠦ | ᠨᠢᠭᠡᠳᠠᠢ᠂ ᠪᠦᠯᠬᠦᠮᠳᠡᠨ ᠨᠢᠭᠡᠳᠴᠦ ᠠᠵᠢᠯ ᠶᠠᠪᠤᠳᠠᠯ ᠪᠦᠳᠦᠭᠡᠵᠦ ᠦᠢᠯᠡᠰ ᠪᠤᠰᠬᠠᠬᠤ ᠰᠠᠶᠢᠨ ᠰᠠᠶᠢᠬᠠᠨ ᠪᠠᠶᠢᠳᠠᠯ ᠢ | ᠠᠬᠢᠭᠤᠯᠤᠨ ᠪᠦᠷᠢᠯᠳᠦᠬᠦᠯᠦᠨ᠎ᠠ᠃ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠭᠡᠷᠡᠭᠵᠢᠬᠦᠯᠵᠦ᠂ | ᠠᠷᠢᠭᠤᠨ ᠴᠢᠭᠡᠴᠢ ᠪᠠᠷ ᠪᠡᠶ᠎ᠠ ᠪᠠᠨ ᠱᠠᠭᠠᠷᠳᠠᠬᠤ ᠶᠢ ᠦᠨᠡᠨ ᠬᠦ ᠴᠢᠩᠭᠠᠳᠬᠠᠨ᠂ ᠢᠮᠠᠬᠳᠠ ᠦᠨᠳᠦᠷ ᠪᠠᠷᠢᠮᠵᠢᠶ᠎ᠠ᠂ | ᠴᠢᠩᠭ᠎ᠠ ᠱᠠᠭᠠᠷᠳᠠᠯᠭ᠎ᠠ ᠶᠢ ᠪᠠᠷᠢᠮᠳᠠᠯᠠᠵᠤ᠂ ᠪᠡᠶ᠎ᠠ ᠪᠠᠷ ᠢᠶᠠᠨ ᠬᠡᠪ ᠳᠠᠭᠤᠷᠢᠶᠠᠯ ᠪᠤᠯᠵᠦ᠂ ᠤᠬᠠᠮᠰᠠᠷ ᠠᠴᠠ ᠪᠠᠨ ᠡᠯ᠎ᠠ | ᠵᠦᠢᠯ ᠤᠨ ᠤᠨᠴᠠᠭᠠᠢ ᠡᠷᠭᠡ ᠶᠢᠨ ᠦᠵᠡᠯ ᠰᠠᠨᠠᠭ᠎ᠠ ᠪᠠ ᠤᠨᠴᠠᠭᠠᠢ ᠡᠷᠭᠡ ᠶᠢᠨ ᠦᠵᠡᠭᠳᠡᠯ ᠯᠦᠭᠡ ᠲᠡᠮᠡᠴᠡᠯ ᠬᠢᠵᠦ᠂ | ᠭᠡᠷ ᠤᠨ ᠬᠦᠮᠦᠰ ᠵᠢᠴᠢ ᠳᠡᠷᠭᠡᠳᠡᠬᠢ ᠠᠵᠢᠯᠳᠠᠳ ᠢᠶᠠᠨ ᠴᠢᠩᠭ᠎ᠠ ᠱᠠᠭᠠᠷᠳᠠᠨ᠂ ᠡᠪ ᠬᠠᠮᠳᠤᠴᠤᠳ ᠤᠨ ᠠᠷᠠᠳ ᠤᠨ | ᠲᠦᠯᠦᠭᠡ ᠪᠤᠳᠠᠳᠠᠢ ᠶᠢ ᠡᠷᠬᠢᠮᠯᠡᠨ ᠠᠷᠢᠭᠤᠨ ᠴᠢᠭᠡᠴᠢ ᠪᠠᠶᠢᠬᠤ ᠤᠯᠤᠰ ᠲᠦᠷᠦ ᠶᠢᠨ ᠮᠦᠨ ᠴᠢᠨᠠᠷ ᠢ ᠡᠬᠦᠷᠢᠳᠠ | ᠬᠠᠳᠠᠭᠠᠯᠠᠨ᠎ᠠ᠃ | ᠪᠦ᠋ ᠰᠢᠶᠤᠤ ᠯᠢᠨ᠂ ᠨᠠᠮ ᠤᠨ ᠲᠥᠪ ᠬᠤᠷᠢᠶᠠᠨ ᠤ ᠲᠤᠭᠲᠠᠭᠠᠯ ᠢ ᠡᠷᠡᠰ ᠬᠦᠷᠢᠶᠡᠯᠡᠵᠦ ᠪᠠᠶᠢᠨ᠎ᠠ᠂ ᠱᠢ ᠲᠠᠢ | ᠹᠧᠩ ᠨᠦᠬᠦᠷ ᠢ ᠴᠢᠩ ᠰᠡᠳᠭᠢᠯ ᠠᠴᠠ ᠪᠠᠨ ᠤᠭᠲᠤᠵᠦ ᠪᠠᠶᠢᠨ᠎ᠠ᠂ ᠱᠢ ᠲᠠᠢ ᠹᠧᠩ ᠨᠦᠬᠦᠷ ᠤᠨ ᠠᠵᠢᠯ ᠢ ᠪᠦᠬᠦ | ᠬᠦᠴᠦ ᠪᠠᠷ ᠢᠶᠠᠨ ᠳᠡᠮᠵᠢᠨ ᠬᠠᠮᠵᠢᠯᠴᠠᠨ᠎ᠠ ᠭᠡᠵᠦ ᠢᠯᠡᠳᠭᠡᠪᠡ᠃ | ᠪᠦ᠋ ᠰᠢᠶᠤᠤ ᠯᠢᠨ᠂ ᠯᠢ ᠵᠢᠢ ᠾᠧᠩ ᠨᠦᠬᠦᠷ ᠥᠪᠦᠷ ᠮᠤᠩᠭᠤᠯ ᠳᠤ ᠢᠷᠡᠵᠦ ᠠᠵᠢᠯᠯᠠᠬᠰᠠᠨ ᠠᠴᠠ ᠨᠠᠭᠠᠰᠢ᠂ | ᠦᠪᠡᠷᠲᠡᠭᠡᠡ ᠵᠠᠰᠬᠠᠤ ᠤᠷᠤᠠ ᠤ ᠨᠠᠮ ᠤᠨ ᠬᠤᠷᠢᠶᠠᠠ ᠤ ᠪᠠᠭ ᠤᠨ ᠬᠢᠨ ᠲᠠᠢ ᠪᠦᠯᠬᠦᠮᠲᠡᠵᠦ ᠲᠡᠲᠡᠡ ᠢ ᠲᠠᠶᠢᠴᠢᠯᠠᠠ᠂ | ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ | ᠪᠠᠶᠢᠷᠢᠯᠠᠭᠤᠯᠤᠯᠳᠠ ᠪᠠ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ᠨᠡᠮᠡᠭᠳᠡᠯ ᠢ | ᠲᠤᠭᠳᠠᠪᠤᠷᠢᠵᠢᠭᠤᠯᠬᠤ᠂ ᠦᠭᠡᠷᠡᠴᠢᠯᠡᠯᠳᠠ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠬ ᠬᠦᠷᠳᠡᠭᠡᠬᠦ᠂ ᠠᠶᠦᠯ ᠲᠦᠭᠰᠢᠬᠦᠷᠢ ᠶᠢ ᠰᠡᠷᠭᠡᠶᠢᠯᠡᠬᠦ᠂ ᠲᠤᠭᠳᠠᠭᠤᠨ ᠢ ᠪᠠᠳᠤᠯᠠᠬᠤ ᠶᠢ | ᠠᠬᠢᠭᠤᠯᠵᠦ᠂ ᠡᠯ᠎ᠠ ᠲᠠᠯ᠎ᠠ ᠶᠢᠨ ᠠᠵᠢᠯ ᠴᠦᠮ ᠰᠢᠨ᠎ᠠ ᠠᠮᠵᠢᠯᠳᠠ ᠲᠠᠢ ᠪᠤᠯᠵᠦ᠂ ᠪᠦᠬᠦ ᠤᠷᠤᠨ ᠤ ᠠᠵᠤ ᠠᠬᠤᠢ | ᠬᠦᠭᠵᠢᠵᠦ᠂ ᠨᠡᠶᠢᠭᠡᠮ ᠲᠠᠪᠰᠢᠵᠦ᠂ ᠦᠨᠳᠦᠰᠦᠳᠡᠨ ᠪᠦᠯᠬᠦᠮᠳᠡᠵᠦ᠂ ᠬᠢᠯᠢ ᠬᠢᠵᠠᠭᠠᠷ ᠠᠮᠤᠷ ᠲᠤᠭᠳᠠᠭᠤᠨ ᠪᠤᠯᠤᠭᠰᠠᠨ | ᠰᠠᠶᠢᠨ ᠰᠠᠶᠢᠬᠠᠨ ᠪᠠᠶᠢᠳᠠᠯ ᠤᠯᠠᠮ ᠴᠢᠨᠠᠬᠰᠢᠳᠠ ᠪᠠᠬᠢᠵᠢᠵᠡᠢ ᠭᠡᠪᠡ᠃ | ᠪᠦ᠋ ᠰᠢᠶᠤᠤ ᠯᠢᠨ᠂ ᠨᠠᠮ ᠤᠨ ᠲᠦᠪ ᠬᠤᠷᠢᠶ᠎ᠠ ᠠᠴᠠ ᠱᠢ ᠲᠠᠢ ᠹᠧᠩ ᠨᠦᠬᠦᠷ ᠢᠶᠠᠷ ᠥᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠭᠤᠯᠬᠤ ᠪᠠᠷ | ᠲᠤᠭᠳᠠᠭᠰᠠᠨ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠥᠪᠦᠷ | ᠮᠤᠩᠭᠤᠯ ᠤᠨ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ ᠪᠠᠶᠢᠬᠤ ᠪᠠ ᠥᠪᠦᠷ ᠮᠤᠩᠭᠤᠯ ᠤᠨ | ᠦᠨᠳᠦᠰᠦᠳᠡᠨ ᠨᠦᠭᠦᠳ ᠤᠨ ᠠᠷᠠᠳ ᠲᠦᠮᠡᠨ ᠢ ᠬᠦᠨ ᠬᠠᠯᠠᠮᠵᠢᠯᠠᠬᠤ ᠪᠠᠶᠢᠬᠤ ᠶᠢ ᠬᠦᠢᠴᠡᠳ ᠬᠠᠷᠠᠭᠤᠯᠵᠤ ᠪᠠᠶᠢᠨ᠎ᠠ᠃ | ᠱᠢ ᠲᠠᠢ ᠹᠧᠩ ᠨᠦᠬᠦᠷ ᠤᠨ ᠳᠠᠭᠠᠭᠤᠯᠭ᠎ᠠ ᠳᠤᠤᠷ᠎ᠠ᠂ ᠥᠪᠦᠷ ᠮᠤᠩᠭᠤᠯ ᠤᠨ ᠡᠯ᠎ᠠ ᠵᠦᠢᠯ ᠤᠨ ᠠᠵᠢᠯ ᠯᠠᠪᠳᠠᠶ᠎ᠠ | ᠰᠢᠨ᠎ᠠ ᠪᠠᠶᠢᠳᠠᠯ ᠢ ᠡᠬᠦᠳᠴᠦ ᠴᠢᠳᠠᠨ᠎ᠠ ᠭᠡᠳᠡᠭ ᠲᠤ ᠢᠳᠡᠭᠡᠯᠳᠠᠢ ᠪᠠᠶᠢᠨ᠎ᠠ᠃ ᠪᠦᠬᠦ ᠤᠷᠤᠨ ᠤ ᠡᠯ᠎ᠠ ᠱᠠᠳᠤ ᠡᠯ᠎ᠠ | ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠪᠠ | ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠦ᠂ ᠱᠢ ᠲᠠᠢ ᠹᠧᠩ ᠨᠦᠬᠦᠷ ᠢᠶᠠᠷ ᠪᠠᠭ ᠤᠨ ᠳᠠᠷᠤᠭ᠎ᠠ | ᠪᠤᠯᠭᠠᠭᠰᠠᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠲᠤᠤᠷ᠎ᠠ᠂ ᠥᠪᠦᠷ | ᠮᠤᠩᠭᠤᠯ ᠤᠨ ᠡᠯ᠎ᠠ ᠵᠦᠢᠯ ᠤᠨ ᠠᠵᠢᠯ ᠦᠢᠯᠡᠰ ᠢ ᠳᠠᠰᠤᠷᠠᠯᠳᠠ ᠦᠭᠡᠢ ᠤᠷᠤᠬᠰᠢ ᠠᠬᠢᠭᠤᠯᠵᠦ᠂ ︽ | ᠦᠵᠡᠰᠬᠦᠯᠡᠩᠳᠦ ᠰᠠᠶᠢᠬᠠᠨ ᠥᠪᠦᠷ ᠮᠤᠩᠭᠤᠯ ᠢᠶᠠᠨ ᠪᠦᠳᠦᠭᠡᠨ ᠪᠠᠶᠢᠭᠤᠯᠵᠦ ᠠᠭᠤᠤ ᠶᠡᠭᠡ ᠳᠤᠮᠳᠠᠳᠤ ᠶᠢᠨ | ᠵᠡᠬᠦᠳᠦ ᠪᠠᠨ ᠬᠠᠮᠳᠤ ᠪᠠᠷ ᠳᠡᠷᠭᠡᠯᠰᠢᠬᠦᠯᠬᠦ︾ ᠶᠢᠨ ᠲᠦᠯᠦᠭᠡ ᠰᠡᠳᠬᠢᠯ ᠨᠢᠭᠡᠳᠦᠨ ᠬᠦᠴᠦ ᠬᠠᠮᠳᠤᠳᠬᠠᠵᠦ᠂ | ᠴᠦᠬᠦᠷᠡᠰᠢ ᠦᠭᠡᠢ ᠲᠡᠮᠡᠴᠡᠬᠦ ᠭᠡᠷᠡᠭᠲᠡᠢ ᠭᠡᠵᠡᠢ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ᠂ | ᠥᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠠᠨᠳ᠋ᠯᠠᠬᠴᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ | ᠦᠨᠳᠦᠷ ᠵᠡᠷᠭᠡ ᠶᠢᠨ ᠰᠢᠬᠦᠬᠦ ᠬᠤᠷᠢᠶᠠᠨ ᠤ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ᠂ ᠵᠡᠪᠰᠡᠭᠳᠦ ᠴᠠᠭᠳᠠᠭᠠᠨ ᠤ ᠥᠪᠦᠷ ᠮᠤᠩᠭᠤᠯ ᠤᠨ ᠶᠡᠷᠦᠩᠭᠡᠢ ᠠᠩᠬᠢ ᠶᠢᠨ | ᠺᠤᠮᠠᠨᠳ᠋ᠯᠠᠬᠴᠢ᠂ ᠺᠤᠮᠢᠰᠰᠠᠷ︔ ᠦᠪᠡᠷᠲᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ ᠠᠵᠢᠯ ᠠᠴᠠ ᠪᠠᠨ | ᠳᠠᠷᠬᠠᠯᠠᠬᠳᠠᠵᠦ ᠠᠵᠢᠯ ᠠᠴᠠ ᠪᠠᠨ ᠠᠮᠠᠷᠠᠭᠰᠠᠨ ᠠᠬᠠᠮᠠᠳ ᠨᠦᠬᠦᠳ︔ ᠦᠪᠡᠷᠲᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠬᠦᠨ᠂ ᠤᠷᠤᠯᠠᠭᠴᠢ ᠭᠡᠰᠢᠬᠦᠨ᠂ ᠡᠯ᠎ᠠ ᠠᠶᠢᠮᠠᠬ ᠬᠤᠳᠠ᠂ | ᠬᠤᠷᠢᠨᠭᠡᠷ ᠰᠢᠨ᠎ᠠ ᠲᠤᠭᠤᠷᠢᠭ᠂ ᠶᠡᠭᠡ ᠬᠢᠩᠭᠠᠨ ᠲᠠᠪᠠᠭᠠᠨ ᠤ ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠤᠢ | ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ᠂ ᠮᠠᠨᠵᠤᠤᠷ᠂ ᠡᠷᠢᠶᠡᠨ ᠬᠤᠳᠠ ᠶᠢᠨ ᠨᠠᠮ ᠵᠠᠰᠠᠭ ᠤᠨ ᠵᠢᠩᠬᠢᠨᠢ | ᠲᠤᠰᠢᠶᠠᠯᠳᠠᠨ᠂ ᠦᠪᠡᠷᠲᠡᠭᠡᠨ ᠵᠠᠰᠠᠬᠤ ᠤᠷᠤᠨ ᠤ ᠡᠯ᠎ᠠ ᠭᠡᠯᠳᠡᠰ᠂ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ | ᠪᠠ ᠡᠯ᠎ᠠ ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠳᠠᠨ ᠨᠦᠬᠦᠳ᠂ ᠡᠯ᠎ᠠ ᠶᠡᠭᠡ ᠠᠵᠤ ᠠᠬᠤᠢᠢᠯᠠᠯ ᠠᠵᠢᠯ | ᠦᠢᠯᠡᠰ ᠤᠨ ᠨᠢᠭᠡᠴᠢ ᠪᠠ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠮᠠᠨ ᠤ ᠤᠷᠤᠨ ᠳᠤ | ᠰᠠᠭᠤᠭ᠎ᠠ ᠲᠦᠪ ᠤᠨ ᠬᠤᠯᠪᠤᠭᠳᠠᠯ ᠪᠦᠬᠦᠢ ᠨᠢᠭᠡᠴᠢ ᠶᠢᠨ ᠭᠤᠤᠯ ᠬᠠᠷᠢᠭᠤᠴᠠᠯᠭᠠᠳᠠᠨ ᠨᠦᠬᠦᠳ︔ ᠡᠯ᠎ᠠ | ᠠᠷᠠᠳᠴᠢᠯᠠᠭᠰᠠᠨ ᠨᠠᠮ ᠪᠦᠯᠦᠭ ᠤᠨ ᠦᠪᠡᠷᠲᠡᠭᠡᠨ ᠵᠠᠰᠠᠬᠤ ᠤᠷᠤᠨ ᠤ ᠬᠤᠷᠢᠶᠠᠨ ᠤ ᠡᠷᠬᠢᠯᠡᠭᠴᠢ ᠭᠡᠰᠢᠬᠦᠨ᠂ | ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠭᠤᠤᠯ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃ | |