ᠠᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠷᠳᠣᠨ ᠲᠡᠰᠢᠯᠲᠡ ᠶᠢᠨ ᠬᠢᠷᠢ ᠭᠡᠮ ᠤᠨ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2019/10/29
     10 ᠳ᠋ᠤᠭᠠᠷ ᠰᠠᠷ᠎ᠠ ᠶᠢᠨ 27᠎ ᠤ ᠣᠷᠣᠢ᠂ 4 ᠡᠳᠦᠷ ᠶᠠᠪᠣᠭᠳᠠᠭᠰᠠᠨ ᠠᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠷᠳᠤᠨ ᠲᠡᠰᠢᠯᠲᠡ ᠶᠢᠨ ᠬᠢᠷᠢ ᠭᠡᠮ ᠎ ᠤᠨ ᠤᠷᠤᠯᠳᠤᠭᠠᠨ ᠥᠪᠥᠷ ᠮᠣᠩᠭᠤᠯ ᠤᠨ ᠮᠥᠰᠥᠨ ᠳᠡᠭᠡᠷᠡᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠎ ᠤᠨ ᠲᠥᠪ ᠲᠤ ᠲᠡᠭᠦᠰ ᠠᠮᠵᠢᠯᠲᠠ ᠲᠠᠢ ᠲᠡᠭᠦᠰᠪᠡ᠃ ᠪᠥᠬᠦ ᠤᠯᠤᠰ ᠤᠨ ᠡᠯ᠎ᠡ ᠭᠠᠵᠠᠷ ᠤᠨ 26 ᠲᠥᠯᠥᠭᠡᠯᠡᠭᠴᠢᠳ ᠎ ᠤᠨ ᠠᠩᠭᠢ ᠶᠢᠨ 394 ᠲᠠᠮᠢᠷᠴᠢᠨ ᠣᠷᠣᠯᠳᠣᠭᠠᠨ ᠳᠤ ᠣᠷᠣᠯᠴᠠᠵᠤ᠂ ᠮᠠᠨ ᠤ ᠣᠷᠣᠨ ᠤ 29 ᠲᠠᠮᠢᠷᠴᠢᠨ ᠣᠷᠣᠯᠳᠣᠭᠠᠨ ᠳᠤ ᠣᠷᠣᠯᠴᠠᠭᠰᠠᠨ ᠪᠠᠶᠢᠨ᠎ᠠ᠃      ᠲᠣᠰ ᠤᠳᠠᠭ᠎ᠠ ᠶᠢᠨ ᠣᠷᠣᠯᠳᠣᠭᠠᠨ ᠳᠤ ᠵᠠᠯᠠᠭᠤᠴᠤᠳ ᠪᠣᠯᠤᠨ ᠢᠳᠡᠷᠴᠣᠳ 2 ᠲᠣᠭᠤᠶᠢᠯᠠᠩ ᠤᠨ ᠡᠷᠡᠭᠲᠡᠶ᠂ ᠡᠮᠡᠭᠲᠡᠶ ᠶᠢᠨ 500 ᠮᠧᠲᠷ᠂ 1000 ᠮᠧᠲᠷ᠂ 1500 ᠮᠧᠲᠷ᠂ 5000 ᠮᠧᠲᠷ᠂ ᠪᠦᠯᠬᠦᠮ ᠤᠨ ᠨᠡᠬᠡᠯᠳᠡ ᠣᠷᠣᠯᠳᠣᠭᠠᠨ᠂ ᠬᠠᠮᠲᠤ ᠶᠢᠨ ᠵᠡᠷᠬᠡ ᠣᠷᠣᠯᠳᠣᠭᠠᠨ ᠵᠡᠷᠭᠡ 18 ᠤᠷᠤᠯᠳᠤᠭᠠᠨ ᠤ ᠲᠥᠷᠥᠯ ᠵᠦᠶᠯ ᠢ ᠲᠣᠬᠢᠷᠠᠭᠤᠯᠵᠠᠢ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠢᠶᠳᠪᠦᠷᠢᠲᠦ ᠤᠷᠤᠯᠳᠤᠭᠠᠨ ᠤ ᠡᠯᠰᠡᠬᠦ ᠠᠷᠭ᠎ᠠ ᠪᠠᠷ᠂ ᠮᠠᠨ ᠤ ᠣᠷᠣᠨ ᠤ 48 ᠲᠠᠮᠢᠷᠴᠢᠨ ᠰᠢᠶᠳᠪᠦᠷᠢᠲᠦ ᠤᠷᠤᠯᠳᠤᠭᠠᠨ ᠤ ᠬᠢᠷᠢ ᠬᠡᠮ ᠢ ᠣᠯᠵᠡᠢ᠃ ᠡᠬᠦᠨ ᠳᠤ ᠵᠠᠯᠠᠭᠤᠴᠣᠳ ᠤᠨ ᠡᠮᠡᠭᠲᠡᠶ ᠶᠢᠨ ᠳᠤᠭᠤᠶᠢᠯᠠᠩ ᠤᠨ 500 ᠮᠧᠲᠷ ᠲᠤ 3 ᠬᠦᠮᠦᠨ᠂ 1500 ᠮᠧᠲᠷ ᠲᠤ 4 ᠬᠦᠮᠦᠨ᠂ 3000 ᠮᠧᠲᠷ ᠲᠤ 4 ᠬᠦᠮᠦᠨ︔ ᠵᠠᠯᠠᠭᠤᠴᠣᠳ ᠤᠨ ᠡᠷᠡᠭᠲᠡᠶ ᠶᠢᠨ ᠳᠤᠭᠤᠶᠢᠯᠠᠩ ᠤᠨ 500 ᠮᠧᠲᠷ ᠲᠤ 2 ᠬᠥᠮᠦᠨ᠂ 1500 ᠮᠧᠲᠷ ᠎ ᠲᠤ 2 ᠬᠥᠮᠦᠨ᠂ 5000 ᠮᠧᠲᠷ ᠲᠤ 1 ᠬᠥᠮᠦᠨ ᠰᠢᠶᠳᠪᠦᠷᠢᠲᠦ ᠤᠷᠤᠯᠳᠤᠭᠠᠨ ᠤ ᠬᠢᠷᠢ ᠬᠡᠮ ᠢ ᠣᠯᠵᠡᠢ︔ ᠢᠳᠡᠷᠴᠣᠳ ᠤᠨ ᠡᠮᠡᠭᠲᠡᠶ ᠶᠢᠨ ᠳᠤᠭᠤᠶᠢᠯᠠᠩ ᠤᠨ 500 ᠮᠧᠲᠷ ᠲᠤ 4 ᠬᠥᠮᠦᠨ᠂ 1000 ᠮᠧᠲᠷ ᠲᠤ 3 ᠬᠥᠮᠦᠨ᠂ 1500 ᠮᠧᠲᠷ ᠲᠤ 5 ᠬᠥᠮᠦᠨ᠂ 3000 ᠮᠧᠲᠷ ᠲᠤ 3 ᠬᠥᠮᠦᠨ᠂ ᠪᠦᠯᠬᠦᠮ ᠤᠨ ᠨᠡᠬᠡᠯᠳᠡ ᠣᠷᠣᠯᠳᠣᠭᠠᠨ ᠳᠤ 2 ᠬᠥᠮᠦᠨ᠂ ᠬᠠᠮᠲᠤ ᠶᠢᠨ ᠵᠡᠷᠬᠡ ᠣᠷᠣᠯᠳᠣᠭᠠᠨ ᠳᠤ 2 ᠬᠥᠮᠦᠨ︔ ᠢᠳᠡᠷᠴᠣᠳ ᠤᠨ ᠡᠷᠡᠭᠲᠡᠶ ᠎ ᠶᠢᠨ ᠳᠤᠭᠤᠶᠢᠯᠠᠩ ᠤᠨ 500 ᠮᠧᠲᠷ ᠲᠤ 2 ᠬᠥᠮᠦᠨ᠂ 1000 ᠮᠧᠲᠷ ᠲᠤ 1 ᠬᠥᠮᠦᠨ᠂ 1500 ᠮᠧᠲᠷ ᠲᠤ 3 ᠬᠥᠮᠦᠨ᠂ 5000 ᠮᠧᠲᠷ ᠲᠤ 3 ᠬᠥᠮᠦᠨ᠂ ᠪᠦᠯᠬᠦᠮ ᠤᠨ ᠨᠡᠬᠡᠯᠳᠡ ᠣᠷᠣᠯᠳᠣᠭᠠᠨ ᠳᠤ 2 ᠬᠥᠮᠦᠨ᠂ ᠬᠠᠮᠲᠤ ᠶᠢᠨ ᠵᠡᠷᠬᠡ ᠣᠷᠣᠯᠳᠣᠭᠠᠨ ᠳᠤ 2 ᠬᠥᠮᠦᠨ ᠰᠢᠶᠳᠪᠦᠷᠢᠲᠦ ᠤᠷᠤᠯᠳᠤᠭᠠᠨ ᠤ ᠬᠢᠷᠢ ᠬᠡᠮ ᠢ ᠣᠯᠤᠭᠰᠠᠨ ᠪᠠᠶᠢᠨ᠎ᠠ᠃      ᠶᠡᠭᠡ ᠬᠤᠷᠠᠯ ᠤᠨ ᠲᠣᠭᠲᠠᠭᠠᠯ ᠶᠣᠰᠣᠭᠠᠷ᠂ ᠣᠷᠣᠯᠳᠣᠭᠠᠨ ᠳᠤ ᠣᠷᠣᠯᠴᠠᠬᠤ ᠠᠩᠭᠢ ᠪᠦᠷᠢ ᠰᠢᠶᠳᠪᠦᠷᠢᠲᠦ ᠤᠷᠤᠯᠳᠤᠭᠠᠨ ᠤ ᠨᠢᠭᠡ ᠵᠦᠶᠯ ᠤᠨ ᠣᠷᠣᠯᠳᠣᠭᠠᠨ ᠳᠤ ᠣᠷᠣᠯᠴᠠᠬᠤ ᠲᠣᠭᠤᠶᠢᠯᠠᠩ ᠪᠦᠬᠦᠨ ᠲᠥᠷᠥᠯ ᠵᠦᠶᠯ ᠪᠦᠷᠢ ᠎ ᠳᠤ 3 ᠬᠥᠮᠦᠨ ᠮᠡᠳᠡᠭᠦᠯᠬᠦ ᠪᠠᠷ ᠬᠢᠵᠠᠭᠠᠷᠯᠠᠵᠤ᠂ ᠡᠷᠡᠭᠲᠡᠶ ᠡᠮᠡᠭᠲᠡᠶ ᠶᠢᠨ ᠬᠠᠮᠲᠤ ᠶᠢᠨ ᠵᠡᠷᠬᠡ ᠣᠷᠣᠯᠳᠣᠭᠠᠨ ᠳᠤ ᠲᠣᠭᠤᠶᠢᠯᠠᠩ ᠪᠦᠷᠢ 2 ᠬᠥᠮᠦᠨ ᠮᠡᠳᠡᠭᠦᠯᠬᠦ ᠪᠠᠷ ᠬᠢᠵᠠᠭᠠᠷᠯᠡᠵᠡᠢ᠃ ᠡᠴᠦᠰ ᠲᠡᠭᠡᠨ᠂ ᠮᠠᠨ ᠤ ᠣᠷᠣᠨ ᠤ ᠲᠥᠯᠥᠭᠡᠯᠡᠭᠴᠢᠳ ᠤᠨ ᠠᠩᠭᠢ 18 ᠤᠷᠤᠯᠳᠤᠭᠠᠨ ᠤ ᠲᠥᠷᠥᠯ ᠵᠦᠶᠯ ᠤᠨ 43 ᠰᠢᠶᠳᠪᠦᠷᠢᠲᠦ ᠤᠷᠤᠯᠳᠤᠭᠠᠨ ᠤ ᠣᠷᠣᠨ ᠲᠤᠭ᠎ᠠ ᠶᠢ ᠣᠯᠪᠠ᠃      ᠡᠭᠦᠨ ᠳᠤ᠂ ᠮᠠᠨ ᠤ ᠣᠷᠣᠨ ᠤ ᠲᠠᠮᠢᠷᠴᠢᠨ ᠵᠠᠩ ᠰᠢᠨ ᠢᠳᠡᠷᠴᠣᠳ ᠤᠨ ᠡᠮᠡᠭᠲᠡᠶ ᠶᠢᠨ ᠳᠤᠭᠤᠶᠢᠯᠠᠩ ᠤᠨ 500 ᠮᠧᠲᠷ ᠤᠨ ᠤᠷᠤᠯᠳᠤᠭᠠᠨ ᠤ ᠭᠤᠷᠪᠠᠳᠤᠭᠠᠷ ᠲᠤ ᠲᠣᠳᠣᠷᠠᠪᠠ︔ ᠢᠳᠡᠷᠴᠣᠳ ᠤᠨ ᠡᠮᠡᠭᠲᠡᠶ ᠶᠢᠨ ᠪᠦᠯᠬᠦᠮ ᠎ ᠤᠨ ᠨᠡᠬᠡᠯᠳᠡ ᠤᠷᠤᠯᠳᠤᠭᠠᠨ ᠳᠤ ᠬᠠᠨ ᠮᠧᠶ ᠶᠢᠨ ᠪᠠᠶᠢᠭ᠎ᠠ ᠬᠤᠯᠢᠮᠠᠭ C ᠳᠤᠭᠤᠶᠢᠯᠠᠩ ᠲᠡᠷᠢᠭᠦᠯᠡᠪᠡ︔ ᠢᠳᠡᠷᠴᠣᠳ ᠤᠨ ᠡᠷᠡᠭᠳᠡᠢ ᠶᠢᠨ ᠪᠦᠯᠬᠦᠮ ᠤᠨ ᠨᠡᠬᠡᠯᠳᠡ ᠤᠷᠤᠯᠳᠤᠭᠠᠨ ᠳᠤ᠂ ᠢ ᠪᠦᠸᠧ ᠸᠧᠨ ᠪᠣᠯᠤᠨ ᠸᠠᠩ ᠹᠠᠨ ᡁᠢ ᠶᠢᠨ ᠪᠠᠶᠢᠭ᠎ᠠ ᠬᠤᠯᠢᠮᠠᠭ A ᠳᠤᠭᠤᠶᠢᠯᠠᠩ ᠭᠤᠷᠪᠠᠳᠤᠭᠠᠷ ᠲᠤ ᠲᠣᠳᠣᠷᠠᠵᠡᠢ᠃      ᠲᠣᠰ ᠤᠳᠠᠭᠠᠨ ᠤ ᠬᠢᠷᠢ ᠭᠡᠮ ᠤᠨ ᠤᠷᠤᠯᠳᠤᠭᠠᠨ ᠳᠤ᠂ ᠳᠤᠮᠳᠠᠳᠤ ᠤᠯᠤᠰ ᠤᠨ ᠮᠦᠰᠦᠨ ᠲᠡᠰᠢᠯᠲᠡ ᠶᠢᠨ ᠨᠡᠶᠢᠭᠡᠮᠯᠢᠭ ᠠᠴᠠ 50 ᠨᠡᠷ᠎ᠡ ᠲᠠᠮᠢᠷᠴᠢᠨ ᠰᠣᠩᠭᠤᠨ ᠲᠣᠮᠢᠯᠠᠵᠤ ᠲᠠᠰᠤᠯᠤᠯᠲᠠ ᠬᠢᠯᠭᠡᠵᠡᠶ᠂ ᠡᠭᠦᠨ ᠳᠤ ISU ᠲᠡᠰ ᠎ ᠤᠨ ᠬᠢᠨᠠᠭᠴᠢ 2 ᠨᠡᠷ᠎ᠡ᠂ ᠣᠯᠠᠨ ᠤᠯᠤᠰ ᠤᠨ ᠲᠡᠰ ᠤᠨ ᠬᠢᠨᠠᠭᠴᠢ 12 ᠨᠡᠷ᠎ᠡ᠂ ᠤᠯᠤᠰ ᠤᠨ ᠲᠡᠰ ᠤᠨ ᠬᠢᠨᠠᠭᠴᠢ 17 ᠨᠡᠷ᠎ᠡ ᠪᠠᠶᠢᠵᠤ᠂ ᠪᠤᠰᠤᠳ ᠨᠢ ᠴᠥᠮ ᠨᠢᠭᠡᠳᠦᠭᠡᠷ ᠲᠡᠰ ᠤᠨ ᠬᠢᠨᠠᠭᠴᠢ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号