ᠮᠠ ᠰᠢᠤᠸᠠᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠵᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠳᠤ ᠰᠢᠨ᠎ᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠶ ᠭᠡᠪᠡ
ᠨᠡᠶᠢᠲᠡᠯᠡᠭᠰᠡᠨ ᠴᠠᠭ᠄
2019/10/29
     10 ᠳ᠋ᠤᠭᠠᠷ ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠬᠦᠷᠴᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠠᠮᠤᠷ ᠲᠥᠪᠰᠢᠨ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠮᠠ ᠰᠢᠤᠸᠠᠢ ᠵᠢᠶᠦ᠋ᠨ ᠬᠠᠮᠲᠤᠷᠠᠭᠰᠠᠨ ᠪᠠᠶᠢᠯᠳᠤᠭᠠᠨ ᠤ ᠵᠢᠯᠣᠭᠤᠳᠬᠤ ᠲᠥᠪ ᠲᠤ ᠬᠦᠷᠴᠦ᠂ ᠬᠠᠷᠠᠭᠠᠨ ᠳᠠᠪᠲᠠᠮᠵᠢ ᠪᠠᠷ ᠳᠠᠮᠵᠢᠨ ᠪᠡᠭᠡᠵᠢᠩ ᠢ ᠲᠣᠭᠤᠷᠢᠭᠰᠠᠨ ᠳᠣᠲᠣᠭᠠᠳᠤ ᠶᠢ ᠬᠠᠮᠠᠭᠠᠯᠠᠬᠤ 14 ᠪᠠᠶᠢᠴᠠᠭᠠᠬᠤ ᠥᠷᠲᠡᠭᠡ ᠶᠢᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠪᠣᠯᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠶᠢᠳᠠᠯ ᠢ ᠪᠠᠶᠢᠴᠠᠭᠠᠵᠤ᠂ ᠮᠡᠳᠡᠭᠡ ᠵᠠᠩᠬᠢ ᠶᠢᠨ ᠵᠢᠯᠣᠭᠤᠳᠬᠤ ᠲᠥᠪ᠂ ᠰᠦᠯᠵᠢᠶᠡᠨ ᠤ ᠠᠮᠤᠷ ᠲᠦᠪᠰᠢᠨ ᠤ ᠶᠡᠷᠦᠩᠬᠡᠶ ᠠᠩᠭᠢ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠯᠪᠠᠨ ᠭᠡᠷ ᠵᠡᠷᠭᠡ ᠰᠠᠯᠠᠭ᠎ᠠ ᠮᠥᠴᠢᠷ ᠲᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠮᠠ ᠰᠢᠤᠸᠠᠢ ᠵᠢᠶᠦ᠋ᠨ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠣᠷᠣᠨ ᠤ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠵᠢᠴᠢ ᠭᠡᠷ ᠪᠦᠯᠢ ᠶᠢᠨ ᠬᠢᠨ ᠳᠤ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠬᠤᠭᠤᠴᠠᠭᠠᠨ ᠳᠠᠬᠢ ᠲᠣᠭᠲᠠᠭᠤᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠪᠣᠯᠤᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠬᠤᠷᠠᠯᠳᠤᠬᠤ ᠵᠠᠩᠭᠢᠯᠠᠭ᠎ᠠ ᠶᠢᠨ ᠥᠶ᠎ᠡ ᠳᠤ᠂ ᠥᠷᠭᠡᠨ ᠣᠯᠠᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠲᠣᠭᠲᠠᠭᠤᠨ ᠪᠠᠶᠢᠳᠠᠯ ᠢ ᠬᠠᠮᠠᠭᠠᠯᠠᠬᠤ ᠡᠨᠡ ᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠤᠯᠤᠰ ᠲᠥᠷᠥ ᠶᠢᠨ ᠴᠢᠬᠤᠯᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠴᠢᠷᠮᠠᠶᠢᠨ ᠠᠵᠢᠯᠯᠠᠵᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠤᠨ ᠰᠢᠨ᠎ᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠶ ᠭᠡᠵᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号