ᠥᠪᠥᠷ ᠵᠠᠰᠠᠭ ᠠᠯᠪᠠᠨ ᠥᠰᠥᠭ ﹇2019﹈ 43 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠮᠠᠨ ᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠬᠡᠰᠡᠭ ᠪᠠᠶᠢᠯᠳᠤᠭᠴᠢᠳ ᠦᠨᠳᠦᠰᠦᠨ ᠨᠠᠰᠤᠵᠢᠯ᠂ | ᠡᠮᠴᠢᠯᠡᠭᠡ ᠶᠢᠨ ᠦᠨᠳᠦᠰᠦᠨ ᠳᠠᠭᠠᠳᠬᠠᠯ ᠳᠤ ᠴᠠᠭ ᠲᠤ ᠪᠠᠨ ᠣᠷᠣᠵᠤ ᠴᠢᠳᠠᠭᠰᠠᠨ ᠦᠭᠡᠢ ᠪᠤᠶᠤ ᠳᠠᠭᠠᠳᠬᠠᠯ ᠳᠤ | ᠣᠷᠣᠭᠠᠳ ᠳᠠᠭᠠᠳᠬᠠᠯ ᠤᠨ ᠵᠠᠷᠤᠳᠠᠯ ᠲᠤᠰᠢᠶᠠᠬᠤ ᠪᠠᠨ ᠲᠠᠰᠤᠯᠳᠠᠭᠤᠯᠤᠭᠰᠠᠨ᠂ ᠨᠠᠰᠤᠵᠢᠯ ᠪᠣᠯᠣᠨ ᠡᠮᠴᠢᠯᠡᠭᠡ ᠶᠢᠨ | ᠪᠠᠲᠤᠯᠠᠭ᠎ᠠ ᠶᠢᠨ ᠣᠯᠭᠤᠮᠵᠢ ᠬᠦᠷᠲᠡᠬᠦ ᠨᠢ ᠬᠦᠴᠢᠷᠳᠡᠯ ᠳᠤ ᠲᠤᠯᠭᠠᠷᠠᠵᠤ ᠪᠠᠶᠢᠭ᠎ᠠ ᠵᠡᠷᠭᠡ ᠠᠰᠠᠭᠤᠳᠠᠯ ᠢ ᠦᠨᠡᠨ ᠬᠦ | ᠰᠠᠶᠢᠳᠤᠷ ᠰᠢᠢᠳᠪᠦᠷᠢᠯᠡᠨ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠬᠦᠷᠲᠡᠵᠦ ᠪᠠᠶᠢᠭ᠎ᠠ | ᠪᠠᠲᠤᠯᠠᠭ᠎ᠠ ᠶᠢᠨ ᠣᠯᠭᠤᠮᠵᠢ ᠨᠢ ᠴᠡᠷᠢᠭ ᠤᠨ ᠠᠯᠪᠠ ᠶᠢᠨ ᠵᠢᠳᠬᠦᠯ ᠯᠦᠭᠡ ᠵᠣᠬᠢᠴᠠᠯᠳᠤᠬᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠲᠦᠪᠰᠢᠨ ᠯᠦᠭᠡ ᠲᠣᠬᠢᠷᠠᠯᠴᠠᠬᠤ ᠶᠢ ᠪᠠᠲᠤᠯᠠᠵᠤ᠂ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢᠳ ᠤᠨ ᠬᠤᠪᠢ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠤᠰᠠᠳᠠ᠂ ︽︿ | ᠴᠡᠷᠢᠭ ᠤᠨ ᠠᠯᠪᠠ ᠠᠴᠠ ᠬᠠᠯᠠᠭᠳᠠᠭᠰᠠᠨ ᠬᠡᠰᠡᠭ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ | ᠰᠢᠢᠳᠪᠦᠷᠢᠯᠡᠬᠦ ᠲᠤᠬᠠᠢ ᠰᠠᠨᠠᠯ﹀ ᠢ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠲᠢᠩᠬᠢᠮ ᠦᠰᠦᠭ ﹇2019﹈ 3 ᠳ᠋ᠤᠭᠠᠷ | ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠪᠥᠬᠦ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠬᠡᠰᠡᠭ | ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠢ ᠰᠠᠶᠢᠳᠤᠷ ᠬᠢᠬᠦ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠲᠥᠷᠥ ᠶᠢᠨ ᠪᠣᠳᠣᠯᠭ᠎ᠠ ᠶᠢ ᠲᠦᠢᠯ ᠤᠨ ᠣᠨᠣᠪᠴᠢᠲᠠᠢ ᠬᠡᠷᠡᠭᠵᠢᠭᠦᠯᠬᠦ ᠬᠡᠷᠡᠭᠲᠡᠢ | ︵ᠨᠢᠭᠡ︶ ᠳᠠᠭᠠᠳᠬᠠᠯ ᠳᠤ ᠣᠷᠣᠬᠤ ᠪᠠ ᠨᠦᠬᠦᠪᠦᠷᠢᠯᠡᠨ ᠲᠤᠰᠢᠶᠠᠬᠤ ᠶᠢ ᠵᠦᠪᠰᠢᠷᠡᠬᠦ ᠲᠥᠷᠥ ᠶᠢᠨ | ᠪᠣᠳᠣᠯᠭ᠎ᠠ ᠶᠢ ᠲᠦᠢᠯ ᠤᠨ ᠣᠨᠣᠪᠴᠢᠲᠠᠢ ᠡᠵᠡᠮᠳᠡᠬᠦ ᠬᠡᠷᠡᠭᠲᠡᠢ | ᠨᠡᠶᠢᠭᠡᠮ ᠤᠨ ᠳᠠᠭᠠᠳᠬᠠᠯ ᠳᠤ ᠣᠷᠣᠭᠠᠳᠤᠢ ᠪᠠᠶᠢᠪᠠᠯ ᠳᠠᠭᠠᠳᠬᠠᠯ ᠳᠤ ᠣᠷᠣᠬᠤ ᠶᠢ ᠨᠢ ᠵᠥᠪᠰᠢᠶᠡᠷᠡᠬᠦ | ᠬᠡᠷᠡᠭᠲᠡᠢ᠃ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠴᠡᠷᠢᠭ ᠲᠤ ᠣᠷᠣᠬᠤ ᠦᠶ᠎ᠡ ᠳᠤ ᠪᠠᠨ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ᠂ ᠡᠮᠴᠢᠯᠡᠭᠡ ᠶᠢᠨ | ᠦᠨᠳᠦᠰᠦᠨ ᠳᠠᠭᠠᠳᠬᠠᠯ ᠳᠤ ᠣᠷᠣᠭᠰᠠᠨ ᠦᠭᠡᠢ ᠪᠠᠶᠢᠪᠠᠯ ᠴᠡᠷᠢᠭ ᠲᠤ ᠣᠷᠣᠭᠰᠠᠨ ᠴᠠᠭ ᠢ ᠨᠢ ᠳᠠᠭᠠᠳᠬᠠᠯ ᠳᠤ | ᠠᠩᠬ᠎ᠠ ᠣᠷᠣᠭᠰᠠᠨ ᠴᠠᠭ ᠢᠶᠠᠷ ᠪᠣᠳᠣᠬᠤ ᠬᠡᠷᠡᠭᠲᠡᠢ︔ 2012 ᠣᠨ ᠤ 7 ᠳ᠋ᠤᠭᠠᠷ ᠰᠠᠷ᠎ᠠ ᠶᠢᠨ 1 ᠤ ᠡᠳᠦᠷ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠳᠠᠭᠠᠳᠬᠠᠯ ᠤᠨ ᠬᠠᠤᠯᠢ︾ ᠶᠢ | ᠬᠡᠷᠡᠭᠵᠢᠭᠦᠯᠬᠦ ᠠᠴᠠ ᠡᠮᠦᠨ᠎ᠡ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠪᠠᠯ ᠴᠡᠷᠢᠭ ᠤᠨ ᠠᠯᠪᠠ ᠬᠠᠭᠠᠭᠰᠠᠨ | ᠣᠨ ᠢ ᠨᠢ ᠨᠠᠰᠤᠵᠢᠯ ᠤᠨ ᠦᠨᠳᠦᠰᠦᠨ ᠳᠠᠭᠠᠳᠬᠠᠯ᠂ ᠡᠮᠴᠢᠯᠡᠭᠡ ᠶᠢᠨ ᠦᠨᠳᠦᠰᠦᠨ ᠳᠠᠭᠠᠳᠬᠠᠯ ᠤᠨ ᠵᠠᠷᠤᠳᠠᠯ | ᠲᠤᠰᠢᠶᠠᠭᠰᠠᠨ ᠣᠨ ᠢᠶᠠᠷ ᠪᠣᠳᠣᠬᠤ ᠬᠡᠷᠡᠭᠲᠡᠢ︔ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠴᠡᠷᠢᠭ ᠤᠨ ᠳᠠᠭᠠᠳᠬᠠᠯ ᠤᠨ ᠬᠠᠤᠯᠢ︾ ᠶᠢ ᠬᠡᠷᠡᠭᠵᠢᠭᠦᠯᠦᠭᠰᠡᠨ ᠤ ᠳᠠᠷᠠᠭ᠎ᠠ ᠴᠡᠷᠢᠭ ᠤᠨ ᠠᠯᠪᠠ ᠠᠴᠠ ᠬᠠᠯᠠᠭᠳᠠᠵᠤ᠂ | ᠤᠯᠤᠰ ᠠᠴᠠ ᠴᠡᠷᠢᠭ ᠤᠨ ᠠᠯᠪᠠ ᠠᠴᠠ ᠬᠠᠯᠠᠭᠳᠠᠭᠰᠠᠨ ᠨᠠᠰᠤᠵᠢᠯ ᠤᠨ ᠦᠨᠳᠦᠰᠦᠨ ᠳᠠᠭᠠᠳᠬᠠᠯ ᠤᠨ ᠨᠥᠬᠦᠪᠦᠷᠢ | ᠣᠯᠭᠤᠭᠰᠠᠨ ᠪᠠᠶᠢᠪᠠᠯ ᠴᠡᠷᠢᠭ ᠤᠨ ᠠᠯᠪᠠ ᠬᠠᠭᠠᠭᠰᠠᠨ ᠣᠨ ᠬᠢᠭᠡᠳ ᠨᠠᠰᠤᠵᠢᠯ ᠤᠨ ᠦᠨᠳᠦᠰᠦᠨ ᠳᠠᠭᠠᠳᠬᠠᠯ᠂ | ᠡᠮᠴᠢᠯᠡᠭᠡ ᠶᠢᠨ ᠦᠨᠳᠦᠰᠦᠨ ᠳᠠᠭᠠᠳᠬᠠᠯ ᠳᠤ ᠣᠷᠣᠭᠰᠠᠨ ᠳᠠᠭᠠᠳᠬᠠᠯ ᠤᠨ ᠵᠠᠷᠤᠳᠠᠯ ᠲᠤᠰᠢᠶᠠᠬᠤ ᠣᠨ ᠢ ᠨᠢ | ᠨᠡᠶᠢᠯᠡᠭᠦᠯᠵᠦ ᠪᠣᠳᠣᠬᠤ ᠬᠡᠷᠡᠭᠲᠡᠢ᠃ | ᠳᠠᠭᠠᠳᠬᠠᠯ ᠳᠤ ᠣᠷᠣᠭᠰᠠᠨ ᠤ ᠳᠠᠷᠠᠭ᠎ᠠ ᠲᠤᠰᠢᠶᠠᠬᠤ ᠵᠠᠷᠤᠳᠠᠯ ᠢᠶᠠᠨ ᠲᠠᠰᠤᠯᠳᠠᠭᠤᠯᠤᠭᠰᠠᠨ ᠪᠠᠶᠢᠪᠠᠯ | ᠵᠠᠷᠤᠳᠠᠯ ᠢᠶᠠᠨ ᠨᠥᠬᠦᠪᠦᠷᠢᠯᠡᠨ ᠲᠤᠰᠢᠶᠠᠬᠤ ᠶᠢ ᠨᠢ ᠵᠥᠪᠰᠢᠶᠡᠷᠡᠬᠦ ᠬᠡᠷᠡᠭᠲᠡᠢ᠃ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢᠳ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠭᠠᠳ ᠳᠠᠭᠠᠳᠬᠠᠯ ᠤᠨ | ᠵᠠᠷᠤᠳᠠᠯ ᠢᠶᠠᠨ ᠳᠤᠲᠠᠭᠤ ᠲᠤᠰᠢᠶᠠᠭᠰᠠᠨ᠂ ᠲᠤᠰᠢᠶᠠᠬᠤ ᠪᠠᠨ ᠲᠠᠰᠤᠯᠳᠠᠭᠤᠯᠤᠭᠰᠠᠨ ᠪᠠᠶᠢᠪᠠᠯ ᠲᠤᠰ ᠬᠥᠮᠥᠨ ᠤ | ᠴᠡᠷᠢᠭ ᠤᠨ ᠠᠯᠪᠠ ᠬᠠᠭᠠᠭᠰᠠᠨ ᠣᠨ ᠠᠴᠠ ᠬᠡᠲᠦᠷᠡᠭᠦᠯᠬᠦ ᠦᠭᠡᠢ ᠬᠤᠭᠤᠴᠠᠭ᠎ᠠ ᠶᠤᠰᠤᠭᠠᠷ ᠳᠠᠭᠠᠳᠬᠠᠯ ᠤᠨ | ᠵᠠᠷᠤᠳᠠᠯ ᠢᠶᠠᠨ ᠨᠦᠬᠦᠪᠦᠷᠢᠯᠡᠨ ᠲᠤᠰᠢᠶᠠᠬᠤ ᠶᠢ ᠨᠢ ᠵᠥᠪᠰᠢᠶᠡᠷᠡᠬᠦ ᠬᠡᠷᠡᠭᠲᠡᠢ᠂ ᠳᠠᠭᠠᠳᠬᠠᠯ ᠤᠨ ᠵᠠᠷᠤᠳᠠᠯ | ᠨᠦᠬᠦᠪᠦᠷᠢᠯᠡᠨ ᠲᠤᠰᠢᠶᠠᠬᠤ ᠳᠤ ᠬᠤᠭᠤᠴᠠᠭ᠎ᠠ ᠰᠠᠭᠠᠲᠠᠭᠰᠠᠨ ᠮᠥᠩᠭᠦ ᠠᠪᠴᠤ ᠪᠣᠯᠬᠤ ᠦᠭᠡᠢ᠃ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠨ᠂ ᠨᠠᠰᠤᠵᠢᠯ ᠤᠨ ᠦᠨᠳᠦᠰᠦᠨ ᠳᠠᠭᠠᠳᠬᠠᠯ ᠤᠨ | ᠵᠠᠷᠤᠳᠠᠯ ᠢᠶᠠᠨ ᠨᠡᠶᠢᠯᠡᠭᠦᠯᠵᠦ ᠲᠤᠰᠢᠶᠠᠬᠤ ᠬᠤᠭᠤᠴᠠᠭ᠎ᠠ ︵ᠴᠡᠷᠢᠭ ᠤᠨ ᠠᠯᠪᠠ ᠬᠠᠭᠠᠭᠰᠠᠨ ᠣᠨ ᠪᠠᠭᠲᠠᠨ᠎ᠠ︶ ᠨᠢ | ᠤᠯᠤᠰ ᠠᠴᠠ ᠲᠣᠭᠲᠠᠭᠠᠭᠰᠠᠨ ᠳᠠᠭᠠᠳᠬᠠᠯ ᠤᠨ ᠵᠠᠷᠤᠳᠠᠯ ᠲᠤᠰᠢᠶᠠᠬᠤ ᠬᠠᠮᠤᠭ ᠤᠨ ᠤᠬᠤᠷ ᠬᠤᠭᠤᠴᠠᠭ᠎ᠠ ᠳᠤ | ᠬᠦᠷᠦᠭᠰᠡᠨ ᠦᠭᠡᠢ ᠪᠠᠶᠢᠪᠠᠯ ᠳᠠᠭᠠᠳᠬᠠᠯ ᠤᠨ ᠵᠠᠷᠤᠳᠠᠯ ᠲᠤᠰᠢᠶᠠᠬᠤ ᠬᠤᠭᠤᠴᠠᠭ᠎ᠠ ᠪᠠᠨ ᠳᠠᠭᠠᠳᠬᠠᠯ ᠤᠨ ᠵᠠᠷᠤᠳᠠᠯ | ᠲᠤᠰᠢᠶᠠᠬᠤ ᠬᠠᠮᠤᠭ ᠤᠨ ᠤᠬᠤᠷ ᠬᠤᠭᠤᠴᠠᠭ᠎ᠠ ᠬᠦᠷᠲᠡᠯ᠎ᠡ ᠤᠷᠲᠤᠳᠬᠠᠵᠤ ᠳᠠᠭᠠᠳᠬᠠᠯ ᠤᠨ ᠵᠠᠷᠤᠳᠠᠯ | ᠲᠤᠰᠢᠶᠠᠬᠤ ᠶᠢ ᠨᠢ ᠵᠥᠪᠰᠢᠶᠡᠷᠡᠬᠦ ᠬᠡᠷᠡᠭᠲᠡᠢ︔ 2011 ᠣᠨ ᠤ 7 ᠳ᠋ᠤᠭᠠᠷ ᠰᠠᠷ᠎ᠠ ᠶᠢᠨ 1 ᠤ ᠡᠳᠦᠷ ︽ᠪᠥᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ᠶᠢ ᠬᠡᠷᠡᠭᠵᠢᠭᠦᠯᠬᠦ ᠠᠴᠠ | ᠡᠮᠦᠨ᠎ᠡ ᠳᠠᠭᠠᠳᠬᠠᠯ ᠳᠤ ᠠᠩᠬ᠎ᠠ ᠣᠷᠣᠭᠰᠠᠨ᠂ ᠳᠠᠭᠠᠳᠬᠠᠯ ᠤᠨ ᠲᠤᠰᠢᠶᠠᠬᠤ ᠵᠠᠷᠤᠳᠠᠯ ᠢᠶᠠᠨ 5 ᠵᠢᠯ | ᠤᠷᠲᠤᠳᠬᠠᠭᠰᠠᠨ ᠤ ᠳᠠᠷᠠᠭ᠎ᠠ ᠳᠠᠭᠠᠳᠬᠠᠯ ᠤᠨ ᠵᠠᠷᠤᠳᠠᠯ ᠲᠤᠰᠢᠶᠠᠬᠤ ᠬᠠᠮᠤᠭ ᠤᠨ ᠤᠬᠤᠷ ᠬᠤᠭᠤᠴᠠᠭ᠎ᠠ ᠳᠤ ᠮᠥᠨ | ᠲᠤᠯᠤᠭᠰᠠᠨ ᠦᠭᠡᠢ ᠪᠣᠯ ᠳᠠᠭᠠᠳᠬᠠᠯ ᠤᠨ ᠵᠠᠷᠤᠳᠠᠯ ᠲᠤᠰᠢᠶᠠᠬᠤ ᠬᠠᠮᠤᠭ ᠤᠨ ᠤᠬᠤᠷ ᠬᠤᠭᠤᠴᠠᠭ᠎ᠠ ᠬᠦᠷᠲᠡᠯᠡᠬᠢ | ᠳᠠᠭᠠᠳᠬᠠᠯ ᠤᠨ ᠵᠠᠷᠤᠳᠠᠯ ᠢᠶᠠᠨ ᠨᠢᠭᠡ ᠯᠠ ᠤᠳᠠᠭ᠎ᠠ ᠳᠤ ᠲᠤᠰᠢᠶᠠᠬᠤ ᠶᠢ ᠨᠢ ᠵᠥᠪᠰᠢᠶᠡᠷᠡᠬᠦ ᠬᠡᠷᠡᠭᠲᠡᠢ᠃ ᠬᠠᠤᠯᠢ ᠳᠤ | ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤᠨ ᠳᠤ ᠬᠦᠷᠦᠭᠰᠡᠨ᠂ ᠬᠤᠲᠠ ᠪᠠᠯᠭᠠᠰᠤᠨ ᠤ ᠠᠵᠢᠯᠲᠠᠨ | ᠠᠵᠢᠯᠴᠢᠨ ᠤ ᠡᠮᠴᠢᠯᠡᠭᠡ ᠶᠢᠨ ᠦᠨᠳᠦᠰᠦᠨ ᠳᠠᠭᠠᠳᠬᠠᠯ ᠤᠨ ᠵᠠᠷᠤᠳᠠᠯ ᠲᠤᠰᠢᠶᠠᠬᠤ ᠶᠢ ᠨᠡᠶᠢᠯᠡᠭᠦᠯᠵᠦ ᠪᠣᠳᠣᠭᠰᠠᠨ | ᠬᠤᠭᠤᠴᠠᠭ᠎ᠠ ︵ᠴᠡᠷᠢᠭ ᠤᠨ ᠠᠯᠪᠠ ᠬᠠᠭᠠᠭᠰᠠᠨ ᠣᠨ ᠪᠠᠭᠲᠠᠨ᠎ᠠ︶ ᠨᠢ ᠲᠤᠯᠤᠭᠰᠠᠨ ᠴᠦ ᠨᠢᠭᠡᠳᠦᠯᠲᠡᠢ ᠲᠥᠯᠥᠪᠯᠡᠬᠦ | ᠭᠠᠵᠠᠷ ᠣᠷᠣᠨ ᠤ ᠲᠣᠭᠲᠠᠭᠠᠭᠰᠠᠨ ᠬᠤᠭᠤᠴᠠᠭ᠎ᠠ ᠳᠤ ᠲᠤᠯᠤᠭᠰᠠᠨ ᠦᠭᠡᠢ ᠪᠣᠯ ᠨᠢᠭᠡᠳᠦᠯᠲᠡᠢ ᠲᠥᠯᠥᠪᠯᠡᠬᠦ ᠭᠠᠵᠠᠷ | ᠣᠷᠣᠨ ᠤ ᠲᠣᠭᠲᠠᠭᠠᠭᠰᠠᠨ ᠬᠤᠭᠤᠴᠠᠭ᠎ᠠ ᠬᠦᠷᠲᠡᠯ᠎ᠡ ᠳᠠᠭᠠᠳᠬᠠᠯ ᠤᠨ ᠵᠠᠷᠤᠳᠠᠯ ᠢᠶᠠᠨ ᠲᠤᠰᠢᠶᠠᠵᠤ ᠪᠣᠯᠣᠨ᠎ᠠ᠃ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ᠂ | ᠠᠵᠢᠯ ᠠᠯᠳᠠᠭᠰᠠᠳ ᠤᠨ ᠳᠠᠭᠠᠳᠬᠠᠯ᠂ ᠦᠷᠡᠵᠢᠯ ᠤᠨ ᠳᠠᠭᠠᠳᠬᠠᠯ ᠳᠤ ᠣᠷᠣᠭᠰᠠᠨ ᠲᠠᠯ᠎ᠠ ᠳᠤ ᠠᠰᠠᠭᠤᠳᠠᠯ | ᠣᠷᠣᠰᠢᠵᠤ ᠪᠠᠶᠢᠪᠠᠯ᠂ ᠡᠯ᠎ᠡ ᠭᠠᠵᠠᠷ ᠣᠷᠣᠨ ᠨᠢ ᠲᠣᠭᠲᠠᠭᠠᠯ ᠶᠣᠰᠣᠭᠠᠷ ᠰᠢᠢᠳᠪᠦᠷᠢᠯᠡᠵᠦ ᠥᠭᠬᠦ ᠬᠡᠷᠡᠭᠲᠡᠢ᠃ | ︵ᠬᠤᠶᠠᠷ︶ ᠳᠠᠭᠠᠳᠬᠠᠯ ᠤᠨ ᠵᠠᠷᠤᠳᠠᠯ ᠨᠥᠬᠦᠪᠦᠷᠢᠯᠡᠨ ᠲᠤᠰᠢᠶᠠᠬᠤ ᠬᠠᠷᠢᠭᠤᠴᠠᠯᠭ᠎ᠠ ᠪᠣᠯᠣᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠳᠤ ᠣᠷᠣᠭᠰᠠᠨ | ᠲᠤᠰᠢᠶᠠᠬᠤ ᠵᠠᠷᠤᠳᠠᠯ ᠨᠢ ᠵᠠᠷᠴᠢᠮ ᠳᠡᠭᠡᠷ᠎ᠡ ᠪᠠᠨ ᠨᠢᠭᠡᠴᠢ ᠨᠦᠭᠦᠳ ᠤᠨ ᠲᠤᠰᠢᠶᠠᠵᠤ ᠥᠭᠬᠦ ᠳᠠᠭᠠᠳᠬᠠᠯ ᠤᠨ | ᠵᠠᠷᠤᠳᠠᠯ ᠢ ᠪᠣᠯ ᠪᠠᠶᠢᠭ᠎ᠠ ᠨᠢᠭᠡᠴᠢ ᠨᠢ ᠡᠭᠦᠷᠭᠡᠯᠡᠵᠦ᠂ ᠬᠤᠪᠢ ᠬᠥᠮᠥᠨ ᠤ ᠲᠤᠰᠢᠶᠠᠬᠤ ᠳᠠᠭᠠᠳᠬᠠᠯ ᠤᠨ ᠵᠠᠷᠤᠳᠠᠯ ᠢ | ᠪᠣᠯ ᠬᠤᠪᠢ ᠬᠥᠮᠥᠨ ᠨᠢ ᠡᠭᠦᠷᠭᠡᠯᠡᠬᠦ ᠬᠡᠷᠡᠭᠲᠡᠢ᠃ | ᠲᠥᠪᠬᠢᠨᠡᠭᠡᠳ ᠠᠵᠢᠯᠯᠠᠵᠤ ᠪᠠᠶᠢᠭᠰᠠᠨ ᠤᠤᠯ ᠤᠨ ᠨᠢᠭᠡᠴᠢ ᠨᠢ ᠨᠢᠭᠡᠨᠲᠡ ᠪᠠᠶᠢᠬᠤ ᠦᠭᠡᠢ ᠪᠣᠯᠣᠭᠰᠠᠨ ᠪᠤᠶᠤ | ᠳᠠᠭᠠᠳᠬᠠᠯ ᠤᠨ ᠵᠠᠷᠤᠳᠠᠯ ᠲᠤᠰᠢᠶᠠᠬᠤ ᠳᠤ ᠦᠨᠡᠨ ᠬᠦ ᠬᠦᠴᠢᠷᠲᠡᠢ ᠪᠣᠯ᠂ ᠲᠥᠪᠬᠢᠨᠡᠭᠡᠳ ᠠᠵᠢᠯᠯᠠᠵᠤ ᠪᠠᠶᠢᠭᠰᠠᠨ | ᠤᠤᠯ ᠤᠨ ᠨᠢᠭᠡᠴᠢ ᠶᠢᠨ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠭ᠎ᠠ ᠮᠥᠴᠢᠷ ᠨᠢ ᠨᠦᠬᠦᠪᠦᠷᠢᠯᠡᠵᠦ | ᠲᠤᠰᠢᠶᠠᠬᠤ ᠶᠢ ᠬᠠᠷᠢᠭᠤᠴᠠᠬᠤ ᠬᠡᠷᠡᠭᠲᠡᠢ︔ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠪᠠᠶᠢᠬᠤ ᠦᠭᠡᠢ ᠪᠣᠯᠣᠭᠰᠠᠨ ᠪᠤᠶᠤ ᠲᠤᠰᠢᠶᠠᠵᠤ ᠬᠦᠴᠦᠷᠡᠬᠦ ᠦᠭᠡᠢ ᠪᠣᠯ᠂ ᠲᠥᠪᠬᠢᠨᠡᠭᠡᠳ ᠠᠵᠢᠯᠯᠠᠵᠤ ᠪᠠᠶᠢᠭᠰᠠᠨ | ᠭᠠᠵᠠᠷ ᠲᠠᠬᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠡᠳ᠋ ᠤᠨ ᠵᠠᠰᠠᠭ ᠤᠨ ᠪᠡᠯᠡ ᠮᠥᠩᠭᠦ ᠶᠢ ᠭᠤᠶᠤᠴᠢᠯᠠᠵᠤ ᠪᠠᠶᠢᠭᠠᠳ ᠰᠢᠢᠳᠪᠦᠷᠢᠯᠡᠬᠦ ᠬᠡᠷᠡᠭᠲᠡᠢ᠃ | ᠵᠠᠰᠠᠭ ᠤᠨ ᠣᠷᠳᠣᠨ ᠤ ᠨᠦᠬᠦᠪᠦᠷᠢᠯᠡᠵᠦ ᠲᠤᠰᠢᠶᠠᠬᠤ ᠬᠤᠭᠤᠴᠠᠭ᠎ᠠ ᠨᠢ ᠲᠤᠰ ᠬᠥᠮᠥᠨ ᠤ ᠴᠡᠷᠢᠭ ᠤᠨ ᠠᠯᠪᠠ | ᠬᠠᠭᠠᠭᠰᠠᠨ ᠣᠨ ᠠᠴᠠ ᠬᠡᠲᠦᠷᠡᠵᠦ ᠪᠣᠯᠬᠤ ᠦᠭᠡᠢ᠃ ᠳᠡᠭᠡᠷ᠎ᠡ ᠳᠤᠷᠠᠳᠤᠭᠰᠠᠨ ᠨᠢᠭᠡᠴᠢ ᠨᠦᠭᠦᠳ ᠤᠨ | ᠳᠠᠭᠠᠳᠬᠠᠯ ᠤᠨ ᠵᠠᠷᠤᠳᠠᠯ ᠲᠤᠰᠢᠶᠠᠬᠤ ᠳᠤ ᠡᠳ᠋ ᠤᠨ ᠵᠠᠰᠠᠭ ᠠᠴᠠ ᠨᠥᠬᠦᠪᠦᠷᠢᠯᠡᠬᠦ ᠬᠡᠰᠡᠭ ᠢ ᠨᠢ ᠲᠥᠪ ᠤᠨ ᠡᠳ᠋ ᠤᠨ | ᠵᠠᠰᠠᠭ ᠤᠨ ᠪᠡᠯᠡ ᠮᠥᠩᠭᠦᠨ ᠤ ᠨᠥᠬᠦᠪᠦᠷᠢ ᠶᠢᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠠᠴᠠ | ᠵᠠᠷᠤᠳᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ᠂ | ᠠᠶᠢᠮᠠᠭ ᠬᠤᠲᠠ ᠶᠢᠨ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠡᠭᠦᠷᠭᠡᠯᠡᠬᠦ ᠬᠠᠷᠢᠴᠠᠯ ᠢ | ᠲᠣᠭᠲᠠᠭᠠᠵᠤ᠂ ᠪᠡᠯᠡ ᠮᠥᠩᠭᠦᠨ ᠤ ᠨᠠᠶᠢᠳᠠᠪᠤᠷᠢᠵᠢᠵᠤ ᠪᠣᠳᠠᠲᠠᠶᠢᠵᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠥᠪᠬᠢᠨᠡᠭᠡᠳ ᠠᠵᠢᠯᠯᠠᠵᠤ ᠪᠠᠶᠢᠭᠰᠠᠨ ᠤᠤᠯ ᠤᠨ ᠨᠢᠭᠡᠴᠢ ᠪᠤᠶᠤ ᠲᠡᠬᠦᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠪᠠᠶᠢᠬᠤ ᠦᠭᠡᠢ ᠪᠣᠯᠣᠭᠰᠠᠨ ᠪᠤᠶᠤ ᠲᠤᠰᠢᠶᠠᠬᠤ ᠳᠤ ᠦᠨᠡᠨ ᠬᠦ ᠬᠦᠴᠢᠷᠲᠡᠢ ᠪᠠᠶᠢᠬᠤ ᠶᠢ | ᠲᠣᠭᠲᠠᠭᠠᠬᠤ ᠳᠤ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠬᠠᠷᠢᠭᠤᠴᠠᠨ ᠨᠤᠲᠠᠯᠠᠬᠤ ᠬᠡᠷᠡᠭᠲᠡᠢ᠃ ᠳᠠᠭᠠᠳᠬᠠᠯ ᠤᠨ ᠵᠠᠷᠤᠳᠠᠯ ᠤᠨ ᠬᠤᠪᠢ ᠬᠥᠮᠥᠨ ᠤ ᠲᠤᠰᠢᠶᠠᠬᠤ | ᠬᠡᠰᠡᠭ ᠲᠤ᠂ ᠬᠤᠪᠢ ᠬᠥᠮᠥᠨ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ | ᠬᠦᠴᠢᠷᠳᠡᠯᠲᠡᠢ ᠬᠥᠮᠥᠰ ᠲᠤ ᠬᠠᠷᠢᠶᠠᠯᠠᠭᠳᠠᠪᠠᠯ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠬᠤᠪᠢ | ᠬᠥᠮᠥᠨ ᠤ ᠲᠤᠰᠢᠶᠠᠬᠤ ᠳᠠᠭᠠᠳᠬᠠᠯ ᠤᠨ ᠵᠠᠷᠤᠳᠠᠯ ᠢ ᠨᠢ ᠵᠣᠬᠢᠰᠲᠠᠢ ᠪᠠᠷ ᠨᠥᠬᠦᠪᠦᠷᠢᠯᠡᠬᠦ ᠬᠡᠷᠡᠭᠲᠡᠢ᠃ | ︵ᠭᠤᠷᠪᠠ︶ ᠳᠠᠭᠠᠳᠬᠠᠯ ᠤᠨ ᠵᠠᠷᠤᠳᠠᠯ ᠲᠤᠰᠢᠶᠠᠬᠤ ᠶᠢᠨ ᠴᠠᠯᠢᠩ ᠤᠨ ᠰᠠᠭᠤᠷᠢ ᠲᠤᠭ᠎ᠠ ᠪᠣᠯᠣᠨ | ᠵᠠᠷᠤᠳᠠᠯ ᠤᠨ ᠨᠣᠷᠮ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ᠃ ᠳᠠᠭᠠᠳᠬᠠᠯ ᠤᠨ | ᠵᠠᠷᠤᠳᠠᠯ ᠲᠤᠰᠢᠶᠠᠬᠤ ᠶᠢᠨ ᠴᠠᠯᠢᠩ ᠤᠨ ᠰᠠᠭᠤᠷᠢ ᠲᠤᠭ᠎ᠠ ᠶᠢ ᠪᠣᠯ ᠲᠥᠪᠬᠢᠨᠡᠭᠡᠳ ᠠᠵᠢᠯᠯᠠᠵᠤ ᠪᠠᠶᠢᠭᠰᠠᠨ ᠭᠠᠵᠠᠷ ᠨᠢ | ᠨᠥᠬᠦᠪᠦᠷᠢᠯᠡᠨ ᠲᠤᠰᠢᠶᠠᠬᠤ ᠦᠶ᠎ᠡ ᠶᠢᠨ ᠳᠡᠭᠡᠷ᠎ᠡ ᠵᠢᠯ ᠤᠨ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ | 60% ᠪᠠᠷ ᠲᠣᠭᠲᠠᠭᠠᠵᠤ᠂ ᠨᠢᠭᠡᠴᠢ ᠪᠣᠯᠣᠨ ᠬᠤᠪᠢ ᠬᠥᠮᠥᠨ ᠤ ᠲᠤᠰᠢᠶᠠᠬᠤ ᠳᠠᠭᠠᠳᠬᠠᠯ ᠤᠨ ᠵᠠᠷᠤᠳᠠᠯ ᠤᠨ | ᠨᠣᠷᠮ᠎ᠠ ᠶᠢ ᠪᠣᠯ ᠨᠥᠬᠦᠪᠦᠷᠢᠯᠡᠨ ᠲᠤᠰᠢᠶᠠᠬᠤ ᠦᠶ᠎ᠡ ᠳᠠᠬᠢ ᠲᠥᠪᠬᠢᠨᠡᠭᠡᠳ ᠠᠵᠢᠯᠯᠠᠵᠤ ᠪᠠᠶᠢᠭᠰᠠᠨ ᠭᠠᠵᠠᠷ ᠤᠨ | ᠲᠣᠭᠲᠠᠭᠠᠯ ᠶᠣᠰᠣᠭᠠᠷ ᠬᠡᠷᠡᠭᠵᠢᠭᠦᠯᠦᠨ᠂ ᠬᠤᠪᠢ ᠬᠥᠮᠥᠨ ᠤ ᠡᠷᠬᠡ ᠠᠰᠢᠭ ᠢ ᠨᠢ ᠵᠣᠬᠢᠬᠤ ᠬᠡᠮᠵᠢᠶ᠎ᠡ ᠪᠠᠷ ᠲᠡᠮᠳᠡᠭᠯᠡᠬᠦ | ᠬᠡᠷᠡᠭᠲᠡᠢ᠃ | ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠡᠮᠴᠢᠯᠡᠭᠡ ᠶᠢᠨ ᠦᠨᠳᠦᠰᠦᠨ ᠳᠠᠭᠠᠳᠬᠠᠯ᠃ | ᠳᠠᠭᠠᠳᠬᠠᠯ ᠤᠨ ᠵᠠᠷᠤᠳᠠᠯ ᠲᠤᠰᠢᠶᠠᠬᠤ ᠶᠢᠨ ᠴᠠᠯᠢᠩ ᠤᠨ ᠰᠠᠭᠤᠷᠢ ᠲᠤᠭ᠎ᠠ ᠶᠢ ᠪᠣᠯ ᠳᠠᠭᠠᠳᠬᠠᠯ ᠳᠤ ᠣᠷᠣᠭᠰᠠᠨ | ᠭᠠᠵᠠᠷ ᠨᠢ ᠨᠥᠬᠦᠪᠦᠷᠢᠯᠡᠨ ᠲᠤᠰᠢᠶᠠᠬᠤ ᠦᠶ᠎ᠡ ᠶᠢᠨ ᠳᠡᠭᠡᠷ᠎ᠡ ᠵᠢᠯ ᠤᠨ ᠠᠵᠢᠯᠲᠠᠨ ᠠᠵᠢᠯᠴᠢᠨ ᠤ ᠳᠤᠮᠳᠠᠴᠢ | ᠴᠠᠯᠢᠩ ᠤᠨ 60% ᠪᠠᠷ ᠲᠣᠭᠲᠠᠭᠠᠵᠤ᠂ ᠨᠢᠭᠡᠴᠢ ᠪᠣᠯᠣᠨ ᠬᠤᠪᠢ ᠬᠥᠮᠥᠨ ᠤ ᠲᠤᠰᠢᠶᠠᠬᠤ ᠳᠠᠭᠠᠳᠬᠠᠯ ᠤᠨ | ᠵᠠᠷᠤᠳᠠᠯ ᠤᠨ ᠨᠣᠷᠮ᠎ᠠ ᠶᠢ ᠪᠣᠯ ᠳᠠᠭᠠᠳᠬᠠᠯ ᠳᠤ ᠣᠷᠣᠭᠰᠠᠨ ᠭᠠᠵᠠᠷ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ | ᠬᠡᠷᠡᠭᠲᠡᠢ᠃ | ︵ᠳᠥᠷᠪᠡ︶ ᠳᠠᠭᠠᠳᠬᠠᠯ ᠳᠤ ᠤᠷᠤᠬᠤ ᠪᠠ ᠨᠦᠬᠦᠪᠦᠷᠢᠯᠡᠵᠦ ᠲᠤᠰᠢᠶᠠᠬᠤ ᠳᠡᠰ ᠳᠠᠷᠠᠭᠠᠯᠠᠯ ᠢ ᠴᠢᠩᠭ᠎ᠠ | ᠵᠢᠷᠤᠮᠯᠠᠨ ᠭᠦᠢᠴᠡᠳᠭᠡᠬᠦ ᠬᠡᠷᠡᠭᠲᠡᠢ | ︽ᠨᠢᠭᠡ ᠰᠠᠯᠠᠭ᠎ᠠ ᠮᠥᠴᠢᠷ ᠬᠦᠯᠢᠶᠡᠨ ᠠᠪᠴᠤ ᠬᠠᠮᠵᠢᠯᠴᠠᠨ ᠭᠦᠢᠴᠡᠳᠬᠡᠬᠦ︾ ᠶᠢᠨ ᠭᠠᠷᠳᠠᠨ ᠭᠦᠢᠴᠡᠳᠬᠡᠬᠦ | ᠲᠣᠭᠲᠠᠴᠠ ᠶᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠳᠠᠭᠠᠳᠬᠠᠯ ᠳᠤ ᠣᠷᠣᠬᠤ ᠪᠤᠶᠤ ᠨᠡᠶᠢᠭᠡᠮ ᠤᠨ | ᠳᠠᠭᠠᠳᠬᠠᠯ ᠤᠨ ᠵᠠᠷᠤᠳᠠᠯ ᠢᠶᠠᠨ ᠨᠥᠬᠦᠪᠦᠷᠢᠯᠡᠨ ᠲᠤᠰᠢᠶᠠᠬᠤ ᠱᠠᠭᠠᠷᠳᠠᠯᠭ᠎ᠠ ᠲᠠᠢ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢᠳ ᠨᠢ ᠥᠪᠡᠷ ᠤᠨ ᠬᠦᠴᠦᠨ ᠪᠦᠬᠦᠢ ᠪᠡᠶ᠎ᠡ ᠶᠢᠨ ᠦᠨᠡᠮᠯᠡᠯ ᠪᠣᠯᠣᠨ ᠴᠡᠷᠢᠭ ᠤᠨ | ᠠᠯᠪᠠ ᠠᠴᠠ ᠬᠠᠯᠠᠭᠳᠠᠭᠰᠠᠨ ᠭᠡᠷᠡᠴᠢ ᠪᠠᠷ ᠢᠶᠠᠨ ᠲᠥᠪᠬᠢᠨᠡᠭᠡᠳ ᠠᠵᠢᠯᠯᠠᠵᠤ ᠪᠠᠶᠢᠭ᠎ᠠ ᠭᠠᠵᠠᠷ ᠲᠠᠬᠢ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠡᠷᠢᠭ ᠤᠨ | ᠠᠯᠪᠠ ᠬᠠᠭᠠᠭᠰᠠᠨ ᠣᠨ ᠢᠶᠠᠨ ᠳᠠᠩᠰᠠᠯᠠᠨ ᠲᠡᠮᠳᠡᠭᠯᠡᠭᠦᠯᠵᠦ ᠭᠤᠶᠤᠴᠢᠯᠠᠯ ᠭᠠᠷᠭᠠᠬᠤ ᠶᠢᠨ ᠬᠠᠮᠲᠤ᠂ ᠭᠤᠶᠤᠴᠢᠯᠠᠬᠤ | ᠬᠦᠰᠦᠨᠦᠭᠲᠦ ᠲᠠᠭᠯᠠᠬᠤ ᠬᠡᠷᠡᠭᠲᠡᠢ᠃ ᠲᠥᠪᠬᠢᠨᠡᠭᠡᠳ ᠠᠵᠢᠯᠯᠠᠵᠤ ᠪᠠᠶᠢᠭᠰᠠᠨ ᠤᠤᠯ ᠤᠨ ᠨᠢᠭᠡᠴᠢ ᠨᠢ ᠪᠠᠶᠢᠭ᠎ᠠ ᠪᠣᠯ᠂ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠨᠢ ᠱᠠᠭᠠᠷᠳᠠᠭᠳᠠᠬᠤ ᠮᠠᠲ᠋ᠧᠷᠢᠶᠠᠯ ᠢᠶᠠᠨ ᠲᠥᠪᠬᠢᠨᠡᠭᠡᠳ | ᠠᠵᠢᠯᠯᠠᠵᠤ ᠪᠠᠶᠢᠭᠰᠠᠨ ᠤᠤᠯ ᠤᠨ ᠨᠢᠭᠡᠴᠢ ᠳᠤ ᠪᠠᠨ ᠳᠡᠪᠰᠢᠭᠦᠯᠦᠨ ᠲᠤᠰᠢᠶᠠᠬᠤ ᠬᠡᠷᠡᠭᠲᠡᠢ︔ ᠲᠥᠪᠬᠢᠨᠡᠭᠡᠳ | ᠠᠵᠢᠯᠯᠠᠵᠤ ᠪᠠᠶᠢᠭᠰᠠᠨ ᠤᠤᠯ ᠤᠨ ᠨᠢᠭᠡᠴᠢ ᠨᠢ ᠪᠠᠶᠢᠬᠤ ᠦᠭᠡᠢ ᠪᠣᠯᠣᠭᠰᠠᠨ ᠪᠣᠯ᠂ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠪᠠᠨ ᠳᠡᠪᠰᠢᠭᠦᠯᠦᠨ ᠲᠤᠰᠢᠶᠠᠬᠤ ᠬᠡᠷᠡᠭᠲᠡᠢ᠃ ᠲᠥᠪᠬᠢᠨᠡᠭᠡᠳ ᠠᠵᠢᠯᠯᠠᠵᠤ ᠪᠠᠶᠢᠭᠰᠠᠨ | ᠤᠤᠯ ᠤᠨ ᠨᠢᠭᠡᠴᠢ ᠪᠤᠶᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠠᠲ᠋ᠧᠷᠢᠶᠠᠯ ᠪᠦᠬᠦᠨ ᠢ ᠭᠠᠷᠳᠠᠨ | ᠠᠪᠤᠭᠰᠠᠨ ᠤ ᠳᠠᠷᠠᠭ᠎ᠠ᠂ ᠤᠤᠯ ᠤᠨ ᠲᠥᠪᠬᠢᠨᠡᠭᠦᠯᠬᠦ ᠭᠠᠷᠳᠠᠮ ᠭᠦᠢᠴᠡᠳᠬᠡᠭᠰᠡᠨ ᠵᠣᠬᠢᠬᠤ ᠱᠠᠲᠤ ᠳᠡᠰ ᠤᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠲᠤᠰᠢᠶᠠᠬᠤ ᠬᠡᠷᠡᠭᠲᠡᠢ᠃ ᠪᠤᠰᠤᠳ ᠪᠠᠶᠢᠳᠠᠯ ᠲᠠᠢ ᠪᠣᠯ᠂ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢᠳ ᠨᠢ ᠱᠠᠭᠠᠷᠳᠠᠭᠳᠠᠬᠤ ᠮᠠᠲ᠋ᠧᠷᠢᠶᠠᠯ ᠢᠶᠠᠨ ᠤᠤᠯ ᠤᠨ ᠲᠥᠪᠬᠢᠨᠡᠭᠦᠯᠬᠦ ᠭᠠᠷᠳᠠᠮ ᠭᠦᠢᠴᠡᠳᠬᠡᠭᠰᠡᠨ ᠱᠠᠲᠤ | ᠳᠡᠰ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠰᠢᠭᠤᠳ ᠲᠤᠰᠢᠶᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢᠳ ᠤᠨ ᠭᠤᠶᠤᠴᠢᠯᠠᠯ ᠭᠠᠷᠭᠠᠬᠤ ᠴᠠᠭ ᠬᠤᠭᠤᠴᠠᠭ᠎ᠠ ᠨᠢ 2019 ᠣᠨ ᠤ 12 ᠳ᠋ᠤᠭᠠᠷ | ᠰᠠᠷ᠎ᠠ ᠶᠢᠨ 31 ᠤ ᠡᠳᠦᠷ ᠬᠦᠷᠬᠦ ᠪᠣᠯᠣᠨ᠎ᠠ᠃ | ᠲᠥᠪᠬᠢᠨᠡᠭᠡᠳ ᠠᠵᠢᠯᠯᠠᠵᠤ ᠪᠠᠶᠢᠭ᠎ᠠ ᠭᠠᠵᠠᠷ ᠲᠠᠬᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠤᠶᠤᠴᠢᠯᠠᠭᠴᠢ ᠶᠢᠨ ᠴᠡᠷᠢᠭ ᠤᠨ ᠠᠯᠪᠠ ᠬᠠᠭᠠᠭᠰᠠᠨ | ᠥᠩᠭᠡᠷᠡᠭᠡᠯᠲᠡ ᠪᠣᠯᠣᠨ ᠴᠡᠷᠢᠭ ᠤᠨ ᠠᠯᠪᠠ ᠠᠴᠠ ᠬᠠᠯᠠᠭᠳᠠᠭᠰᠠᠨ ᠬᠡᠯᠪᠡᠷᠢ ᠶᠢ ᠬᠠᠷᠭᠤᠭᠤᠯᠤᠨ ᠪᠠᠶᠢᠴᠠᠭᠠᠭᠠᠳ | ᠠᠳᠡᠭᠦᠦ ᠲᠠᠰᠢᠶ᠎ᠠ ᠦᠭᠡᠢ ᠪᠣᠯ᠂ ᠭᠤᠶᠤᠴᠢᠯᠠᠯ ᠤᠨ ᠬᠦᠰᠦᠨᠦᠭᠲᠦ ᠶᠢ ᠨᠢ ᠠᠳᠠᠯᠢ ᠱᠠᠲᠤᠨ ᠤ ᠨᠠᠰᠤᠵᠢᠯ᠂ | ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠭᠡᠬᠦ ᠪᠠᠶᠢᠭᠤᠯᠤᠮᠵᠢ ᠳᠤ ᠲᠤᠰ ᠲᠤᠰ ᠬᠠᠩᠭᠠᠵᠤ ᠥᠭᠬᠦ ᠬᠡᠷᠡᠭᠲᠡᠢ᠃ | ᠨᠠᠰᠤᠵᠢᠯ᠂ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠳᠠᠭᠠᠳᠬᠠᠯ ᠤᠨ ᠵᠠᠷᠤᠳᠠᠯ ᠲᠤᠰᠢᠶᠠᠬᠤ ᠪᠠᠨ ᠲᠠᠰᠤᠯᠳᠠᠭᠤᠯᠤᠭᠰᠠᠨ ᠴᠠᠭ ᠢ ᠨᠢ ᠮᠠᠭᠠᠳᠯᠠᠨ | ᠲᠣᠭᠲᠠᠭᠠᠵᠤ᠂ ᠨᠢᠭᠡᠴᠢ ᠪᠣᠯᠣᠨ ᠬᠤᠪᠢ ᠬᠥᠮᠥᠨ ᠤ ᠨᠦᠬᠦᠪᠦᠷᠢᠯᠡᠵᠦ ᠲᠤᠰᠢᠶᠠᠪᠠᠰᠤ ᠵᠣᠬᠢᠬᠤ ᠪᠡᠯᠡ ᠮᠥᠩᠭᠦ ᠶᠢ | ᠬᠢᠨᠠᠮᠠᠭᠠᠢ ᠪᠣᠳᠣᠬᠤ ᠶᠢᠨ ᠬᠠᠮᠲᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠡᠢ᠃ ᠬᠠᠷᠭᠤᠭᠤᠯᠤᠨ | ᠪᠠᠶᠢᠴᠠᠭᠠᠵᠤ ᠪᠦᠷᠢᠳᠬᠡᠨ ᠪᠣᠳᠣᠬᠤ ᠠᠵᠢᠯ ᠢ ᠳᠠᠭᠤᠰᠬᠠᠭᠰᠠᠨ ᠤ ᠳᠠᠷᠠᠭ᠎ᠠ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠥᠪᠬᠢᠨᠡᠭᠡᠳ ᠠᠵᠢᠯᠯᠠᠵᠤ | ᠪᠠᠶᠢᠭᠰᠠᠨ ᠤᠤᠯ ᠤᠨ ᠨᠢᠭᠡᠴᠢ ︵ᠡᠰᠡᠬᠦᠯ᠎ᠡ ᠲᠡᠭᠦᠨ ᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ︶ ᠨᠥᠬᠦᠪᠦᠷᠢᠯᠡᠨ ᠲᠤᠰᠢᠶᠠᠬᠤ ᠭᠠᠷᠳᠠᠮ ᠢ ᠡᠬᠢᠯᠡᠭᠦᠯᠦᠨ ᠭᠦᠢᠴᠡᠳᠬᠡᠵᠦ ᠥᠭᠬᠦ ᠬᠡᠷᠡᠭᠲᠡᠢ᠃ | ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠲᠤᠬᠠᠢ ᠶᠢᠨ ᠭᠠᠵᠠᠷ ᠤᠨ ᠨᠠᠰᠤᠵᠢᠯ᠂ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ | ᠪᠠᠶᠢᠭᠤᠯᠤᠮᠵᠢ ᠳᠤ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠣᠷᠣᠭᠰᠠᠨ ᠢ ᠨᠢ ᠳᠠᠩᠰᠠᠯᠠᠨ ᠲᠡᠮᠳᠡᠭᠯᠡᠬᠦ ᠠᠵᠢᠯ ᠢ | ᠭᠦᠢᠴᠡᠳᠬᠡᠬᠦ ᠬᠡᠷᠡᠭᠲᠡᠢ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠳᠠᠭᠠᠳᠬᠠᠯ ᠳᠤ ᠣᠷᠤᠭᠤᠯᠬᠤ ᠨᠢᠭᠡᠴᠢ ᠶᠢᠨ ᠬᠤᠪᠢ ᠪᠠᠷ ᠵᠥᠪᠬᠡᠨ ᠡᠨᠡ ᠬᠦ ᠨᠥᠬᠦᠪᠦᠷᠢᠯᠡᠨ | ᠲᠤᠰᠢᠶᠠᠬᠤ ᠠᠵᠢᠯ ᠢ ᠬᠠᠷᠢᠭᠤᠴᠠᠨ᠂ ᠨᠥᠬᠦᠪᠦᠷᠢᠯᠡᠨ ᠲᠤᠰᠢᠶᠠᠵᠤ ᠳᠠᠭᠤᠰᠤᠭᠰᠠᠨ ᠤ ᠳᠠᠷᠠᠭ᠎ᠠ᠂ ᠴᠡᠷᠢᠭ ᠤᠨ | ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠳᠤ ᠣᠷᠣᠭᠰᠠᠨ ᠭᠡᠷᠡᠴᠢ ᠶᠢ | ᠳᠠᠷᠦ᠋ᠢᠬᠠᠨ ᠰᠢᠯᠵᠢᠭᠦᠯᠦᠨ ᠶᠠᠪᠤᠭᠤᠯᠬᠤ ᠪᠤᠶᠤ ᠳᠠᠭᠠᠳᠬᠠᠯ ᠤᠨ ᠵᠠᠷᠤᠳᠠᠯ ᠢᠶᠠᠨ ᠳᠠᠰᠤᠯᠳᠠᠭᠤᠯᠤᠭᠰᠠᠨ ᠭᠠᠷᠳᠠᠮ ᠢ | ᠳᠠᠷᠦ᠋ᠢᠬᠠᠨ ᠭᠦᠢᠴᠡᠳᠬᠡᠵᠦ ᠥᠭᠬᠦ ᠬᠡᠷᠡᠭᠲᠡᠢ᠃ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠳᠠᠭᠠᠳᠬᠠᠯ ᠳᠤ ᠣᠷᠣᠬᠤ ᠪᠠ | ᠳᠠᠭᠠᠳᠬᠠᠯ ᠤᠨ ᠵᠠᠷᠤᠳᠠᠯ ᠢᠶᠠᠨ ᠨᠦᠬᠦᠪᠦᠷᠢᠯᠡᠵᠦ ᠲᠤᠰᠢᠶᠠᠬᠤ ᠪᠤᠲᠠᠲᠠᠢ ᠭᠦᠢᠴᠡᠳᠭᠡᠬᠦ ᠴᠤᠪᠤᠷᠠᠯ ᠢ ᠥᠪᠡᠷᠲᠡᠭᠡᠨ | ᠵᠠᠰᠠᠬᠤ ᠣᠷᠣᠨ ᠤ ᠪᠠᠭᠤᠯᠭᠠᠭᠰᠠᠨ ︽ᠠᠵᠢᠯᠯᠠᠭᠠᠨ ᠤ ᠵᠦᠭᠯᠡᠭᠦᠷ︾ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠨᠡᠶᠢᠭᠡᠮ ᠤᠨ ᠳᠠᠭᠠᠳᠬᠠᠯ ᠳᠤ ᠣᠷᠣᠬᠤ ᠪᠤᠶᠤ ᠨᠡᠶᠢᠭᠡᠮ ᠤᠨ ᠳᠠᠭᠠᠳᠬᠠᠯ ᠤᠨ ᠵᠠᠷᠤᠳᠠᠯ ᠢᠶᠠᠨ ᠨᠦᠬᠦᠪᠦᠷᠢᠯᠡᠵᠦ | ᠲᠤᠰᠢᠶᠠᠬᠤ ᠱᠠᠭᠠᠷᠳᠠᠯᠭ᠎ᠠ ᠲᠠᠢ ᠪᠣᠯᠪᠠᠴᠤ ᠬᠤᠪᠢ ᠪᠠᠷ ᠢᠶᠠᠨ ᠭᠤᠶᠤᠴᠢᠯᠠᠭᠰᠠᠨ ᠦᠭᠡᠢ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢᠳ ᠲᠤ᠂ ᠲᠥᠪᠬᠢᠨᠡᠭᠡᠳ ᠠᠵᠢᠯᠯᠠᠵᠤ ᠪᠠᠶᠢᠭᠰᠠᠨ ᠭᠠᠵᠠᠷ ᠲᠠᠬᠢ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠡ | ᠵᠠᠩᠭᠢ ᠪᠠᠷ ᠴᠤᠭᠯᠠᠭᠤᠯᠤᠭᠰᠠᠨ ᠪᠠᠶᠢᠳᠠᠯ ᠢᠶᠠᠨ ᠦᠨᠳᠦᠰᠦᠯᠡᠨ ᠭᠤᠶᠤᠴᠢᠯᠠᠯ ᠭᠠᠷᠭᠠᠭᠰᠠᠨ ᠦᠭᠡᠢ ᠬᠥᠮᠥᠰ ᠲᠤ | ᠤᠲᠠᠰᠤ ᠪᠠᠷ ᠮᠡᠳᠡᠭᠳᠡᠬᠦ ᠬᠡᠷᠡᠭᠲᠡᠢ᠃ | ︵ᠲᠠᠪᠤ︶ ᠨᠥᠬᠦᠪᠦᠷᠢᠯᠡᠨ ᠲᠤᠰᠢᠶᠠᠬᠤ ᠴᠠᠭ ᠬᠤᠭᠤᠴᠠᠭ᠎ᠠ ᠶᠢ ᠴᠢᠩᠭ᠎ᠠ ᠡᠵᠡᠮᠰᠢᠬᠦ ᠬᠡᠷᠡᠭᠲᠡᠢ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠨᠢ ᠨᠠᠰᠤᠵᠢᠯ ᠤᠨ ᠦᠨᠳᠦᠰᠦᠨ ᠳᠠᠭᠠᠳᠬᠠᠯ ᠤᠨ | ᠵᠠᠷᠤᠳᠠᠯ ᠢᠶᠠᠨ ᠨᠦᠬᠦᠪᠦᠷᠢᠯᠡᠵᠦ ᠲᠤᠰᠢᠶᠠᠬᠤ ᠪᠠᠷ ᠭᠤᠶᠤᠴᠢᠯᠠᠯ ᠭᠠᠷᠭᠠᠭᠰᠠᠨ ᠤ ᠳᠠᠷᠠᠭ᠎ᠠ᠂ ᠳᠡᠰ ᠳᠠᠷᠠᠭᠠᠯᠠᠯ | ᠶᠣᠰᠣᠭᠠᠷ ᠴᠠᠭ ᠲᠤᠬᠠᠢ ᠳᠤ ᠨᠢ ᠬᠢᠨᠠᠨ ᠬᠠᠷᠭᠤᠭᠤᠯᠵᠤ ᠨᠥᠬᠦᠪᠦᠷᠢᠯᠡᠨ ᠲᠤᠰᠢᠶᠠᠯᠭᠠᠬᠤ ᠬᠡᠷᠡᠭᠲᠡᠢ᠃ ᠴᠡᠷᠢᠭ ᠤᠨ | ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠨᠢ ᠡᠮᠴᠢᠯᠡᠭᠡ ᠶᠢᠨ ᠦᠨᠳᠦᠰᠦᠨ ᠳᠠᠭᠠᠳᠬᠠᠯ ᠤᠨ ᠵᠠᠷᠤᠳᠠᠯ ᠢᠶᠠᠨ | ᠨᠦᠬᠦᠪᠦᠷᠢᠯᠡᠵᠦ ᠲᠤᠰᠢᠶᠠᠬᠤ ᠪᠠᠷ ᠭᠤᠶᠤᠴᠢᠯᠠᠯ ᠭᠠᠷᠭᠠᠭᠰᠠᠨ ᠤ ᠳᠠᠷᠠᠭ᠎ᠠ᠂ ᠬᠠᠤᠯᠢ ᠳᠤ ᠲᠣᠭᠲᠠᠭᠠᠭᠰᠠᠨ | ᠠᠵᠢᠯ ᠠᠴᠠ ᠪᠠᠭᠤᠵᠤ ᠠᠮᠠᠷᠠᠬᠤ ᠨᠠᠰᠤ ᠬᠦᠷᠬᠦ ᠳᠤ ᠨᠥᠬᠦᠪᠦᠷᠢᠯᠡᠨ ᠲᠤᠰᠢᠶᠠᠯᠭᠠᠬᠤ ᠬᠡᠷᠡᠭᠲᠡᠢ᠃ | ︵ᠵᠢᠷᠭᠤᠭ᠎ᠠ︶ ᠲᠥᠷᠥ ᠶᠢᠨ ᠪᠣᠳᠣᠯᠭ᠎ᠠ ᠶᠢᠨ ᠵᠠᠯᠭᠠᠨ ᠦᠷᠭᠦᠯᠵᠢᠯᠡᠭᠦᠯᠬᠦ ᠠᠵᠢᠯ ᠢ ᠲᠣᠬᠢᠷᠠᠮᠵᠢᠲᠠᠢ ᠰᠠᠶᠢᠳᠤᠷ | ᠬᠢᠬᠦ ᠬᠡᠷᠡᠭᠲᠡᠢ | ᠥᠪᠡᠷᠲᠡᠭᠡᠨ ᠵᠠᠰᠠᠬᠤ ᠣᠷᠣᠨ ᠤ ᠤᠤᠯ ᠠᠴᠠ ᠪᠠᠶᠢᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢᠳ ᠤᠨ ᠲᠠᠯ᠎ᠠ ᠪᠠᠷ ᠬᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠨᠢ ᠲᠤᠰ ᠮᠡᠳᠡᠭᠳᠡᠯ ᠤᠨ | ᠱᠠᠭᠠᠷᠳᠠᠯᠭ᠎ᠠ ᠯᠤᠭ᠎ᠠ ᠨᠢᠭᠡᠳᠦᠯ ᠦᠭᠡᠢ ᠪᠣᠯ᠂ ᠲᠤᠰ ᠮᠡᠳᠡᠭᠳᠡᠯ ᠤᠨ ᠱᠠᠭᠠᠷᠳᠠᠯᠭ᠎ᠠ ᠪᠠᠷ ᠪᠠᠷᠢᠮᠵᠢᠶ᠎ᠠ ᠪᠣᠯᠭᠠᠬᠤ | ᠬᠡᠷᠡᠭᠲᠡᠢ᠃ ᠲᠤᠰ ᠮᠡᠳᠡᠭᠳᠡᠯ ᠢ ᠬᠡᠷᠡᠭᠵᠢᠭᠦᠯᠬᠦ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠤᠯ ᠠᠴᠠ | ᠪᠠᠶᠢᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠵᠠᠷᠤᠳᠠᠯ ᠢᠶᠠᠨ ᠨᠦᠬᠦᠪᠦᠷᠢᠯᠡᠵᠦ | ᠲᠤᠰᠢᠶᠠᠬᠤ ᠲᠥᠷᠥ ᠶᠢᠨ ᠪᠣᠳᠣᠯᠭ᠎ᠠ ᠪᠠᠷ ᠬᠠᠮᠢᠶ᠎ᠠ ᠪᠦᠬᠦᠢ ᠭᠠᠷᠳᠠᠮ ᠢ ᠨᠢᠭᠡᠨᠲᠡ ᠭᠦᠢᠴᠡᠳᠬᠡᠭᠰᠡᠨ ᠪᠣᠯ᠂ ᠮᠥᠨ | ᠤᠤᠯ ᠲᠣᠭᠲᠠᠭᠠᠯ ᠢᠶᠠᠷ ᠭᠦᠢᠴᠡᠳᠬᠡᠬᠦ ᠬᠡᠷᠡᠭᠲᠡᠢ᠃ | ᠬᠤᠶᠠᠷ᠂ ᠠᠷᠭ᠎ᠠ ᠪᠠᠷᠢᠯ ᠠᠯᠬᠤᠮ ᠳᠠᠷᠠᠭ᠎ᠠ ᠶᠢ ᠲᠣᠳᠣᠷᠬᠠᠶᠢᠯᠠᠬᠤ ᠬᠡᠷᠡᠭᠲᠡᠢ | ᠲᠤᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠢ | ᠡᠬᠢᠯᠡᠭᠦᠯᠦᠨ᠂ 2019 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠬᠤ ᠳᠤ ᠳᠠᠭᠤᠰᠬᠠᠨ᠎ᠠ᠂ ᠭᠤᠷᠪᠠᠨ | ᠠᠯᠬᠤᠮ ᠬᠤᠪᠢᠶᠠᠵᠤ ᠬᠡᠷᠡᠭᠵᠢᠭᠦᠯᠦᠨ᠎ᠡ᠃ | ︵ᠨᠢᠭᠡ︶ ᠰᠤᠷᠲᠠᠯᠴᠢᠯᠠᠨ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠬᠤ ᠬᠡᠷᠡᠭᠲᠡᠢ ︵ | 2019 ᠣᠨ ᠤ 7 ᠳ᠋ᠤᠭᠠᠷ ᠰᠠᠷ᠎ᠠ︶᠃ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠨᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠳ ᠢ ᠲᠥᠪᠯᠡᠷᠡᠭᠦᠯᠦᠨ ᠪᠣᠯᠪᠠᠰᠤᠷᠠᠭᠤᠯᠵᠤ᠂ | ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ | ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠪᠣᠯᠣᠨ ᠰᠤᠷᠲᠠᠯᠴᠢᠯᠠᠨ ᠤᠬᠠᠭᠤᠯᠬᠤ ᠲᠠᠪᠴᠠᠩ ᠢ ᠭᠦᠢᠴᠡᠳ | ᠠᠰᠢᠭᠯᠠᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠨᠠᠮ ᠤᠨ ᠲᠥᠪ ᠬᠤᠷᠢᠶ᠎ᠠ ᠪᠣᠯᠣᠨ ᠶᠡᠷᠦᠩᠬᠡᠢ ᠱᠦᠵᠢ | ᠰᠢ ᠶᠢᠨ ᠫᠢᠩ ᠠᠩᠬᠠᠷᠤᠨ ᠬᠠᠯᠠᠮᠵᠢᠯᠠᠵᠤ ᠪᠠᠶᠢᠭ᠎ᠠ ᠶᠢ ᠥᠷᠭᠡᠨ ᠳᠡᠯᠭᠡᠷ ᠤᠬᠠᠭᠤᠯᠵᠤ᠂ ᠨᠡᠶᠢᠭᠡᠮ ᠤᠨ | ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠲᠥᠷᠥ ᠶᠢᠨ ᠪᠣᠳᠣᠯᠭ᠎ᠠ ᠶᠢ ᠤᠬᠠᠭᠤᠯᠬᠤ ᠬᠡᠷᠡᠭᠲᠡᠢ᠃ ᠰᠢᠨ᠎ᠡ | ᠵᠠᠭᠤᠴᠢᠯᠠᠭᠤᠷ᠂ ᠤᠬᠠᠭᠤᠯᠬᠤ ᠰᠠᠮᠪᠠᠷ᠎ᠠ᠂ ᠤᠬᠠᠭᠤᠯᠬᠤ ᠬᠠᠭᠤᠳᠠᠰᠤ ᠵᠡᠷᠭᠡ ᠬᠡᠯᠪᠡᠷᠢ ᠶᠢ ᠠᠰᠢᠭᠯᠠᠨ᠂ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶ ᠳᠤ ᠭᠦᠢᠴᠡᠳᠭᠡᠯᠭᠡᠬᠦ ᠪᠠᠷ ᠭᠤᠶᠤᠴᠢᠯᠠᠬᠤ ᠳᠡᠰ ᠳᠠᠷᠠᠭᠠᠯᠠᠯ ᠢ ᠵᠠᠷᠯᠠᠨ ᠨᠡᠶᠢᠲᠡᠯᠡᠬᠦ ᠬᠡᠷᠡᠭᠲᠡᠢ᠃ | ︵ᠬᠤᠶᠠᠷ︶ ᠨᠥᠬᠦᠪᠦᠷᠢᠯᠡᠨ ᠲᠤᠰᠢᠶᠠᠭᠰᠠᠨ ᠢ ᠨᠢ ᠬᠢᠨᠠᠮᠠᠭᠠᠢ ᠳᠠᠩᠰᠠᠯᠠᠨ ᠲᠡᠮᠳᠡᠭᠯᠡᠬᠦ ᠬᠡᠷᠡᠭᠲᠡᠢ ︵2019 | ᠣᠨ ᠤ 7 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ︶᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠨᠢ ᠳᠠᠩᠰᠠᠯᠠᠨ ᠲᠡᠮᠳᠡᠭᠯᠡᠭᠦᠯᠬᠦ ᠪᠠᠷ ᠭᠤᠶᠤᠴᠢᠯᠠᠭᠰᠠᠨ ᠬᠥᠮᠥᠨ ᠤ ᠲᠤᠭ᠎ᠠ ᠶᠢ ᠳᠣᠣᠷᠠᠳᠤ ᠱᠠᠲᠤᠨ ᠠᠴᠠ | ᠳᠡᠭᠡᠳᠦ ᠱᠠᠲᠤ ᠲᠡᠶᠢᠰᠢ ᠪᠠᠨ ᠦᠨᠳᠦᠰᠦᠯᠡᠯ ᠪᠣᠯᠭᠠᠨ᠂ ᠨᠥᠬᠦᠴᠡᠯ ᠳᠤ ᠨᠡᠶᠢᠴᠡᠭᠰᠡᠨ ᠬᠥᠮᠥᠰ ᠤᠨ ᠳᠠᠭᠠᠳᠬᠠᠯ ᠤᠨ | ᠵᠠᠷᠤᠳᠠᠯ ᠲᠤᠰᠢᠶᠠᠬᠤ ᠪᠠᠨ ᠲᠠᠰᠤᠯᠳᠠᠭᠤᠯᠵᠤ ᠳᠤᠲᠠᠭᠤ ᠲᠤᠰᠢᠶᠠᠭᠰᠠᠨ ᠪᠠᠶᠢᠳᠠᠯ ᠵᠢᠴᠢ ᠨᠦᠬᠦᠪᠦᠷᠢᠯᠡᠵᠦ | ᠲᠤᠰᠢᠶᠠᠬᠤ ᠪᠠᠷ ᠱᠠᠭᠠᠷᠳᠠᠭᠳᠠᠵᠤ ᠪᠠᠶᠢᠭ᠎ᠠ ᠪᠡᠯᠡ ᠮᠥᠩᠭᠦ ᠶᠢ ᠨᠢ ᠪᠦᠷᠢᠳᠬᠡᠨ ᠪᠣᠳᠣᠵᠤ᠂ 8 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠠᠶᠢᠮᠠᠭ ᠬᠤᠲᠠ ᠪᠠᠷ ᠨᠢᠭᠡᠴᠢ ᠪᠣᠯᠭᠠᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ | ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ | ᠠᠵᠢᠯ ᠤᠨ ᠲᠤᠰᠬᠠᠢ ᠠᠩᠭᠢ ᠳᠤ ᠮᠡᠳᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ᠂ ᠳᠠᠭᠠᠳᠬᠠᠯ ᠳᠤ ᠣᠷᠣᠭᠰᠠᠨ ᠢ ᠲᠣᠳᠣᠷᠬᠠᠶᠢᠯᠠᠬᠤ ᠪᠠ ᠨᠥᠬᠦᠪᠦᠷᠢᠯᠡᠨ ᠲᠤᠰᠢᠶᠠᠵᠤ | ᠭᠦᠢᠴᠡᠳᠬᠡᠬᠦ ᠳᠡᠰ ᠳᠠᠷᠠᠭᠠᠯᠠᠯ ᠢ ᠦᠨᠳᠦᠰᠦᠯᠡᠨ ᠬᠠᠮᠢᠶ᠎ᠠ ᠪᠦᠬᠦᠢ ᠠᠵᠢᠯ ᠢᠶᠠᠨ ᠰᠠᠶᠢᠳᠤᠷ ᠬᠢᠬᠦ ᠬᠡᠷᠡᠭᠲᠡᠢ᠂ | ᠠᠵᠢᠯ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤ ᠨᠢ ᠵᠠᠳᠠᠯᠵᠤ ᠰᠤᠳᠤᠯᠤᠨ ᠮᠠᠭᠠᠳᠯᠠᠬᠤ ᠶᠢᠨ ᠬᠠᠮᠲᠤ | ᠰᠢᠢᠳᠪᠦᠷᠢᠯᠡᠵᠦ᠂ ᠵᠠᠯᠭᠠᠨ ᠦᠷᠭᠦᠯᠵᠢᠯᠡᠭᠦᠯᠬᠦ ᠠᠵᠢᠯ ᠤᠨ ᠡᠮᠬᠢ ᠳᠠᠷᠠᠭᠠᠯᠠᠯ ᠲᠠᠢ ᠪᠠᠷ ᠠᠬᠢᠭᠤᠯᠤᠭᠳᠠᠬᠤ ᠶᠢ ᠦᠨᠡᠨ | ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ | ᠠᠵᠢᠯ ᠤᠨ ᠲᠤᠰᠬᠠᠢ ᠳᠠᠩᠰᠠᠨ ᠡᠷᠦᠬᠡ ᠪᠣᠯᠣᠨ ᠲᠤᠰᠬᠠᠢ ᠬᠦᠯᠢᠶᠡᠨ ᠠᠪᠴᠤ ᠭᠦᠢᠴᠡᠳᠬᠡᠬᠦ ᠴᠣᠩᠬᠤᠪᠴᠢ ᠶᠢ | ᠳᠠᠷᠦ᠋ᠢᠬᠠᠨ ᠭᠠᠷᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ︽ᠨᠢᠭᠡ ᠰᠠᠯᠠᠭ᠎ᠠ ᠮᠥᠴᠢᠷ ᠲᠤ | ᠨᠢᠭᠡ ᠯᠠ ᠤᠳᠠᠭ᠎ᠠ ᠬᠦᠷᠪᠡᠯ︾ ᠳᠠᠩᠰᠠᠯᠠᠨ ᠲᠡᠮᠳᠡᠭᠯᠡᠭᠦᠯᠬᠦ ᠪᠠᠨ ᠭᠤᠶᠤᠴᠢᠯᠠᠨ ᠮᠡᠳᠡᠭᠦᠯᠵᠦ ᠳᠠᠭᠤᠰᠬᠠᠬᠤ ᠶᠢ ᠦᠨᠡᠨ | ᠬᠦ ᠪᠠᠲᠤᠯᠠᠬᠤ ᠬᠡᠷᠡᠭᠲᠡᠢ᠃ | ︵ᠭᠤᠷᠪᠠ︶ ᠴᠠᠭ ᠲᠤᠬᠠᠢ ᠳᠤ ᠨᠢ ᠳ᠋ᠦᠩᠨᠡᠵᠦ ᠳᠡᠭᠡᠭᠰᠢ ᠪᠠᠨ ᠮᠡᠳᠡᠭᠦᠯᠬᠦ ᠬᠡᠷᠡᠭᠲᠡᠢ ︵2020 ᠣᠨ ᠤ 1 | ᠳ᠋ᠤᠭᠡᠷ ᠰᠠᠷ᠎ᠠ︶᠃ ᠡᠯ᠎ᠡ ᠠᠶᠢᠮᠠᠭ ᠬᠤᠲᠠ ᠨᠢ ᠪᠡᠶᠡᠯᠡᠭᠦᠯᠦᠭᠰᠡᠨ ᠠᠵᠢᠯ ᠤᠨ ᠪᠠᠶᠢᠳᠠᠯ ᠢᠶᠠᠨ 2019 ᠣᠨ ᠤ 12 | ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠤᠨ ᠲᠤᠰᠬᠠᠢ | ᠠᠩᠭᠢ ᠳᠤ ᠮᠡᠳᠡᠭᠦᠯᠦᠨ ᠬᠦᠷᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠨᠢ 2020 ᠣᠨ ᠤ 1 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠳᠠᠯ ᠢᠶᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠶᠠᠮᠤᠨ ᠳᠤ ᠮᠡᠳᠡᠭᠦᠯᠬᠦ ᠬᠡᠷᠡᠭᠲᠡᠢ᠃ | ᠭᠤᠷᠪᠠ᠂ ᠠᠵᠢᠯ ᠢᠶᠠᠨ ᠨᠠᠶᠢᠳᠠᠪᠤᠷᠢᠵᠢᠭᠤᠯᠬᠤ ᠶᠢ ᠴᠢᠩᠭᠠᠷᠠᠭᠤᠯᠬᠤ ᠬᠡᠷᠡᠭᠲᠡᠢ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ | ᠤᠳᠤᠷᠢᠳᠬᠤ ᠳᠤᠭᠤᠶᠢᠯᠠᠩ ᠠᠴᠠ ᠪᠥᠬᠦ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ | ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠤᠨ ᠵᠣᠬᠢᠶᠠᠨ ᠪᠠᠶᠢᠭᠤᠯᠵᠤ ᠤᠳᠤᠷᠢᠳᠬᠤ ᠪᠠ | ᠨᠢᠭᠡᠳᠦᠯᠲᠡᠢ ᠲᠥᠯᠥᠪᠯᠡᠵᠦ ᠠᠬᠢᠭᠤᠯᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠨᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠭᠰᠡᠨ᠂ ᠠᠷᠠᠳ ᠤᠨ ᠶᠠᠪᠤᠳᠠᠯ᠂ ᠡᠳ᠋ ᠤᠨ ᠵᠠᠰᠠᠭ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ᠂ ᠨᠡᠶᠢᠭᠡᠮ ᠤᠨ | ᠳᠠᠭᠠᠳᠬᠠᠯ᠂ ᠡᠮᠴᠢᠯᠡᠭᠡ ᠶᠢᠨ ᠳᠠᠭᠠᠳᠬᠠᠯ ᠵᠡᠷᠭᠡ ᠰᠠᠯᠠᠭ᠎ᠠ ᠮᠥᠴᠢᠷ ᠣᠷᠣᠯᠴᠠᠭᠰᠠᠨ ᠬᠠᠮᠲᠤᠷᠠᠭᠰᠠᠨ ᠬᠤᠷᠠᠯ ᠤᠨ | ᠳᠦᠷᠢᠮ ᠢ ᠪᠠᠶᠢᠭᠤᠯᠵᠤ᠂ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠤᠨ ᠶᠠᠪᠤᠴᠠ ᠳᠤ | ᠣᠷᠣᠰᠢᠵᠤ ᠪᠠᠶᠢᠭ᠎ᠠ ᠠᠰᠠᠭᠤᠳᠠᠯ ᠢ ᠬᠠᠮᠲᠤᠷᠠᠨ ᠵᠥᠪᠳᠡᠯᠴᠡᠵᠦ ᠰᠢᠢᠳᠪᠦᠷᠢᠯᠡᠬᠦ ᠶᠢ ᠬᠠᠷᠢᠭᠤᠴᠠᠨ᠂ ᠴᠢᠬᠤᠯᠠ ᠶᠡᠭᠡ | ᠠᠰᠠᠭᠤᠳᠠᠯ ᠲᠠᠢ ᠪᠣᠯ ᠲᠤᠰ ᠱᠠᠲᠤᠨ ᠤ ᠨᠠᠮ ᠤᠨ ᠬᠤᠷᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠰᠤᠳᠤᠯᠤᠨ ᠲᠣᠭᠲᠠᠭᠠᠯᠭᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ | ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠤᠨ ᠲᠤᠰᠬᠠᠢ ᠠᠩᠭᠢ ᠶᠢ ᠪᠠᠶᠢᠭᠤᠯᠤᠨ᠂ ᠥᠪᠡᠷᠲᠡᠭᠡᠨ ᠵᠠᠰᠠᠬᠤ | ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠳᠤ ᠲᠥᠪᠯᠡᠷᠡᠭᠦᠯᠦᠨ | ᠠᠵᠢᠯᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠳᠠᠬᠢ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠢ ᠬᠠᠷᠢᠭᠤᠴᠠᠨ | ᠭᠦᠢᠴᠡᠳᠬᠡᠯᠭᠡᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠵᠢᠯ ᠢ | ᠵᠢᠯᠣᠭᠤᠳᠬᠤ ᠶᠢᠨ ᠬᠠᠮᠲᠤ᠂ ᠬᠤᠯᠪᠣᠭᠳᠠᠯ ᠪᠦᠬᠦᠢ ᠪᠠᠶᠢᠳᠠᠯ ᠢ ᠳᠡᠭᠡᠳᠦ ᠱᠠᠲᠤᠨ ᠳᠤ ᠳᠠᠷᠦ᠋ᠢᠬᠠᠨ ᠮᠡᠳᠡᠭᠦᠯᠬᠦ | ᠬᠡᠷᠡᠭᠲᠡᠢ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ᠃ ︽ᠬᠡᠨ | ᠬᠢᠨᠠᠨ ᠪᠠᠶᠢᠴᠠᠭᠠᠪᠠᠯ ᠲᠡᠷᠡ ᠬᠠᠷᠢᠭᠤᠴᠠᠵᠤ᠂ ᠬᠡᠨ ᠭᠠᠷ ᠤᠨ ᠦᠰᠦᠭ ᠵᠢᠷᠤᠪᠠᠯ ᠲᠡᠷᠡ ᠬᠠᠷᠢᠭᠤᠴᠠᠬᠤ︾ ᠶᠢ | ᠪᠠᠷᠢᠮᠲᠠᠯᠠᠨ᠂ ᠨᠢᠭᠡ ᠬᠥᠮᠥᠨ ᠭᠡᠳ ᠣᠷᠬᠢᠭᠳᠠᠬᠤ ᠦᠭᠡᠢ ᠨᠢᠭᠡ ᠬᠥᠮᠥᠨ ᠢ ᠴᠤ ᠠᠯᠳᠠᠭ᠎ᠠ ᠭᠠᠷᠭᠠᠯᠭᠠᠬᠤ ᠦᠭᠡᠢ ᠪᠠᠷ | ᠴᠢᠷᠮᠠᠶᠢᠵᠤ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠵᠤ ᠪᠣᠳᠠᠲᠠᠶᠢᠵᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠤᠯᠪᠣᠭᠳᠠᠵᠤ ᠪᠠᠶᠢᠭ᠎ᠠ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠲᠤᠭ᠎ᠠ᠂ | ᠬᠡᠪᠴᠢᠶ᠎ᠡ᠂ ᠲᠥᠷᠥᠯ ᠢ ᠬᠢᠨᠠᠮᠠᠭᠠᠢ ᠬᠠᠷᠭᠤᠭᠤᠯᠤᠨ ᠲᠣᠳᠣᠯᠠᠵᠤ᠂ ᠤᠴᠢᠷ ᠰᠢᠯᠲᠠᠭᠠᠨ ᠢ ᠣᠶᠢᠯᠠᠭᠠᠨ | ᠲᠣᠳᠣᠷᠬᠠᠶᠢᠯᠠᠵᠤ ᠪᠠᠶᠢᠳᠠᠯ ᠢ ᠣᠨᠣᠪᠴᠢᠲᠠᠢ ᠣᠶᠢᠯᠠᠭᠠᠬᠤ ᠬᠡᠷᠡᠭᠲᠡᠢ︔ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠨᠢ ᠬᠤᠯᠪᠤᠭᠳᠠᠵᠤ ᠪᠠᠶᠢᠭ᠎ᠠ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠠᠭᠠᠲᠤ | ᠵᠠᠬ᠎ᠠ ᠶᠢᠨ ᠪᠠᠲᠤᠯᠠᠭ᠎ᠠ ᠬᠦᠷᠲᠡᠭᠰᠡᠳ ᠪᠣᠯᠣᠨ ᠣᠨᠴᠠ ᠬᠦᠴᠢᠷᠳᠡᠯᠲᠡᠢ ᠬᠥᠮᠥᠰ ᠲᠤ ᠬᠠᠷᠢᠶᠠᠯᠠᠭᠳᠠᠬᠤ ᠪᠠᠶᠢᠳᠠᠯ ᠢ | ᠬᠢᠨᠠᠮᠠᠭᠠᠢ ᠬᠠᠷᠭᠤᠭᠤᠯᠤᠨ ᠲᠣᠳᠣᠯᠠᠬᠤ ᠬᠡᠷᠡᠭᠲᠡᠢ︔ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠡᠮᠴᠢᠯᠡᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠬᠤᠯᠪᠣᠭᠳᠠᠵᠤ ᠪᠠᠶᠢᠭ᠎ᠠ ᠴᠡᠷᠢᠭ ᠤᠨ | ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠦᠨᠳᠦᠰᠦᠨ ᠨᠠᠰᠤᠵᠢᠯ᠂ ᠡᠮᠴᠢᠯᠡᠭᠡ ᠶᠢᠨ ᠦᠨᠳᠦᠰᠦᠨ | ᠳᠠᠭᠠᠳᠬᠠᠯ ᠤᠨ ᠵᠠᠷᠤᠳᠠᠯ ᠢᠶᠠᠨ ᠳᠤᠲᠠᠭᠤ ᠲᠤᠰᠢᠶᠠᠭᠰᠠᠨ ᠪᠠ ᠲᠤᠰᠢᠶᠠᠬᠤ ᠪᠠᠨ ᠲᠠᠰᠤᠯᠳᠠᠭᠤᠯᠤᠭᠰᠠᠨ ᠪᠠᠶᠢᠳᠠᠯ ᠢ | ᠬᠢᠨᠠᠮᠠᠭᠠᠢ ᠬᠠᠷᠭᠤᠭᠤᠯᠤᠨ ᠲᠣᠳᠣᠯᠠᠬᠤ ᠬᠡᠷᠡᠭᠲᠡᠢ︔ ᠬᠢᠨᠠᠨ ᠪᠣᠳᠣᠬᠤ ᠰᠠᠯᠠᠭ᠎ᠠ ᠮᠥᠴᠢᠷ ᠨᠢ ᠵᠠᠷᠤᠳᠠᠯ | ᠴᠤᠭᠯᠠᠭᠤᠯᠤᠭᠰᠠᠨ᠂ ᠬᠠᠮᠢᠶᠠᠷᠤᠭᠰᠠᠨ ᠪᠠ ᠬᠡᠷᠡᠭᠯᠡᠭᠰᠡᠨ ᠪᠠᠶᠢᠳᠠᠯ ᠳᠤ ᠬᠢᠨᠠᠨ ᠪᠣᠳᠣᠬᠤ ᠪᠠᠨ ᠴᠢᠩᠭᠠᠳᠬᠠᠬᠤ ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠦᠭᠡᠢ ᠪᠣᠯ᠂ ᠲᠥᠷᠥ ᠶᠢᠨ ᠪᠣᠳᠣᠯᠭ᠎ᠠ ᠶᠢ ᠵᠠᠳᠠᠯᠤᠨ | ᠲᠠᠶᠢᠯᠬᠤ ᠠᠵᠢᠯ ᠢ ᠬᠦᠯᠢᠴᠡᠩᠭᠦᠢ ᠪᠠᠷ ᠰᠠᠶᠢᠳᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠤᠨ ᠢᠳᠡᠪᠬᠢᠲᠡᠢ ᠪᠦᠭᠡᠳ | ᠲᠣᠭᠲᠠᠭᠤᠨ ᠢᠶᠠᠷ ᠠᠬᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠭᠤᠷᠪᠠ︶ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠰᠠᠶᠢᠳᠤᠷ ᠬᠢᠬᠦ ᠬᠡᠷᠡᠭᠲᠡᠢ᠃ ᠬᠠᠤᠯᠢ ᠳᠤ | ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤᠨ ᠳᠤ ᠬᠦᠷᠴᠦ᠂ ᠲᠤᠰ ᠮᠡᠳᠡᠭᠳᠡᠯ ᠤᠨ ᠱᠠᠭᠠᠷᠳᠠᠯᠭ᠎ᠠ ᠪᠠᠷ | ᠳᠠᠭᠠᠳᠬᠠᠯ ᠤᠨ ᠵᠠᠷᠤᠳᠠᠯ ᠢᠶᠠᠨ ᠲᠤᠰᠢᠶᠠᠭᠰᠠᠨ ᠤ ᠳᠠᠷᠠᠭ᠎ᠠ ᠮᠥᠨ ᠳᠠᠭᠠᠳᠬᠠᠯ ᠤᠨ ᠵᠠᠷᠤᠳᠠᠯ ᠲᠤᠰᠢᠶᠠᠬᠤ | ᠬᠠᠮᠤᠭ ᠤᠨ ᠤᠬᠤᠷ ᠬᠤᠭᠤᠴᠠᠭ᠎ᠠ ᠳᠤ ᠲᠤᠯᠤᠭᠰᠠᠨ ᠦᠭᠡᠢ ᠪᠠᠶᠢᠪᠠᠯ᠂ ᠡᠯ᠎ᠡ ᠭᠠᠵᠠᠷ ᠣᠷᠣᠨ ᠨᠢ ᠣᠯᠠᠨ ᠵᠦᠢᠯ ᠤᠨ | ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠠᠪᠰᠤᠷᠤᠯᠭ᠎ᠠ ᠦᠵᠡᠭᠦᠯᠬᠦ ᠬᠡᠷᠡᠭᠲᠡᠢ᠃ ᠬᠥᠮᠥᠵᠢᠭᠦᠯᠦᠨ | ᠪᠣᠯᠪᠠᠰᠤᠷᠠᠭᠤᠯᠬᠤ᠂ ᠲᠠᠨᠢᠯᠴᠠᠭᠤᠯᠤᠨ ᠠᠵᠢᠯ ᠣᠯᠭᠤᠬᠤ᠂ ᠦᠢᠯᠡᠰ ᠴᠣᠭᠴᠠᠯᠠᠬᠤ ᠶᠢ ᠨᠢ ᠲᠡᠳᠬᠦᠬᠦ ᠵᠡᠷᠭᠡ | ᠬᠡᠯᠪᠡᠷᠢ ᠪᠠᠷ ᠳᠠᠮᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠠᠵᠢᠯ ᠣᠯᠵᠤ | ᠦᠢᠯᠡᠰ ᠴᠣᠭᠴᠠᠯᠠᠬᠤ ᠶᠢ ᠢᠳᠡᠪᠬᠢᠲᠡᠢ ᠬᠠᠪᠰᠤᠷᠬᠤ ᠬᠡᠷᠡᠭᠲᠡᠢ᠃ ᠨᠠᠰᠤ ᠠᠬᠢᠭᠰᠠᠨ᠂ ᠲᠡᠳᠬᠦᠭᠰᠡᠨ ᠤ ᠳᠠᠷᠠᠭ᠎ᠠ ᠪᠠᠷ | ᠠᠵᠢᠯ ᠣᠯᠬᠤ ᠳᠤ ᠮᠥᠨ ᠪᠡᠷᠬᠡ ᠪᠠᠶᠢᠭ᠎ᠠ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠨᠥᠬᠦᠴᠡᠯ ᠳᠤ | ᠨᠡᠶᠢᠴᠡᠬᠦ ᠪᠣᠯ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠳᠠᠮᠵᠢᠭᠰᠠᠨ ᠣᠯᠠᠨ ᠨᠡᠶᠢᠲᠡ ᠶᠢᠨ | ᠦᠢᠯᠡᠴᠢᠯᠡᠭᠡᠨ ᠤ ᠠᠵᠢᠯ ᠤᠨ ᠪᠠᠶᠢᠷᠢᠨ ᠳᠤ ᠤᠷᠢᠳ ᠢᠶᠠᠷ ᠬᠠᠪᠰᠤᠷᠤᠨ ᠲᠡᠳᠬᠦᠵᠦ ᠠᠵᠢᠯ ᠣᠯᠭᠤᠬᠤ ᠬᠡᠷᠡᠭᠲᠡᠢ᠃ | ᠠᠵᠢᠯ ᠣᠯᠬᠤ ᠴᠢᠳᠠᠪᠤᠷᠢ ᠲᠠᠢ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠨᠢ | ᠰᠠᠨᠠᠭᠠᠴᠢᠯᠠᠭ᠎ᠠ ᠠᠴᠠ ᠪᠠᠨ ᠠᠵᠢᠯ ᠣᠯᠵᠤ ᠦᠢᠯᠡᠰ ᠴᠣᠭᠴᠠᠯᠠᠨ᠂ ᠠᠵᠢᠯᠴᠢᠨ ᠬᠡᠷᠡᠭᠯᠡᠭᠰᠡᠨ ᠨᠢᠭᠡᠴᠢ ᠪᠣᠯᠣᠨ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠨᠢ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠬᠠᠤᠯᠢ | ᠶᠣᠰᠣᠭᠠᠷ ᠲᠤᠰᠢᠶᠠᠬᠤ ᠬᠡᠷᠡᠭᠲᠡᠢ᠃ | ︵ᠳᠥᠷᠪᠡ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠷᠠᠭᠤᠯᠬᠤ ᠬᠡᠷᠡᠭᠲᠡᠢ᠃ ᠴᠡᠷᠢᠭ ᠤᠨ | ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ | ᠠᠵᠢᠯ ᠤᠨ ᠭᠠᠷᠠᠭ ᠭᠠᠷᠠᠭ ᠮᠡᠳᠡᠭᠦᠯᠬᠦ ᠳᠦᠷᠢᠮ ᠢ ᠪᠠᠶᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠨ | ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠥᠷᠨᠢᠭᠦᠯᠵᠦ ᠪᠠᠶᠢᠭ᠎ᠠ | ᠬᠤᠭᠤᠴᠠᠭᠠᠨ ᠳᠤ᠂ ᠡᠯ᠎ᠡ ᠠᠶᠢᠮᠠᠭ ᠬᠤᠲᠠ ᠨᠢ ᠭᠠᠷᠠᠭ ᠪᠦᠷᠢ ᠶᠢᠨ ᠳᠥᠷᠪᠡᠨ ᠤ ᠦᠳᠡ ᠶᠢᠨ ᠡᠮᠦᠨᠡᠬᠢ 12 | ᠴᠠᠭ ᠠᠴᠠ ᠡᠮᠦᠨ᠎ᠡ ᠲᠤᠰ ᠭᠠᠷᠠᠭ ᠲᠠᠬᠢ ᠠᠵᠢᠯ ᠤᠨ ᠠᠬᠢᠴᠠ ᠶᠢᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ | ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ | ᠦᠷᠭᠦᠯᠵᠢᠯᠡᠭᠦᠯᠬᠦ ᠠᠵᠢᠯ ᠤᠨ ᠲᠤᠰᠬᠠᠢ ᠠᠩᠭᠢ ᠳᠤ ᠮᠡᠳᠡᠭᠦᠯᠦᠨ ᠬᠦᠷᠭᠡᠵᠦ᠂ ᠠᠵᠢᠯ ᠤᠨ ᠲᠤᠰᠬᠠᠢ ᠠᠩᠭᠢ ᠨᠢ | ᠬᠤᠷᠢᠶᠠᠩᠭᠤᠶᠢᠯᠠᠭᠰᠠᠨ ᠤ ᠳᠠᠷᠠᠭ᠎ᠠ ᠭᠠᠷᠠᠭ ᠪᠦᠷᠢ ᠶᠢᠨ ᠲᠠᠪᠤᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠣᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠳᠤ | ᠮᠡᠳᠡᠭᠦᠯᠦᠨ ᠬᠦᠷᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ | ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠥᠷᠨᠢᠭᠦᠯᠦᠭᠰᠡᠨ ᠪᠠᠶᠢᠳᠠᠯ ᠢ ᠴᠠᠭ ᠲᠤ ᠨᠢ ᠲᠣᠬᠢᠷᠠᠭᠤᠯᠵᠤ | ᠪᠠᠶᠢᠭᠠᠳ ᠰᠢᠮᠳᠠᠭᠤᠯᠤᠨ ᠵᠢᠯᠣᠭᠤᠳᠴᠤ᠂ ᠠᠵᠢᠯ ᠨᠢ ᠠᠯᠭᠤᠷ ᠤᠳᠠᠭᠠᠨ ᠪᠠᠶᠢᠭ᠎ᠠ᠂ ᠰᠢᠯᠲᠠᠭᠯᠠᠵᠤ ᠲᠦᠯᠬᠢᠯᠴᠡᠭᠰᠡᠨ᠂ | ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠦᠭᠡᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠢ ᠨᠡᠪᠲᠡᠷᠡᠭᠦᠯᠦᠨ | ᠮᠡᠳᠡᠭᠡᠯᠡᠬᠦ ᠶᠢᠨ ᠬᠠᠮᠲᠤ᠂ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ | ᠳᠠᠭᠠᠯᠳᠤᠭᠤᠯᠤᠯ᠄ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ ᠠᠵᠢᠯ ᠤᠨ | ᠬᠠᠮᠲᠤᠷᠠᠭᠰᠠᠨ ᠬᠤᠷᠠᠯ ᠤᠨ ᠪᠦᠷᠢᠯᠳᠦᠭᠦᠨ ᠪᠣᠯᠣᠨ ᠠᠵᠢᠯ ᠤᠨ ᠲᠤᠰᠬᠠᠢ ᠠᠩᠭᠢ ᠶᠢᠨ ᠠᠵᠢᠯᠲᠠᠨ ᠤ ᠨᠡᠷᠡᠰ | | | ᠳᠠᠭᠠᠯᠳᠤᠭᠤᠯᠤᠯ | | | ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ | ᠬᠠᠯᠠᠭᠳᠠᠭᠰᠠᠨ ᠪᠠᠶᠢᠯᠳᠤᠭᠴᠢᠳ ᠤᠨ ᠨᠡᠶᠢᠭᠡᠮ ᠤᠨ ᠳᠠᠭᠠᠳᠬᠠᠯ ᠤᠨ ᠵᠠᠯᠭᠠᠨ ᠦᠷᠭᠦᠯᠵᠢᠯᠡᠭᠦᠯᠬᠦ | ᠠᠵᠢᠯ ᠤᠨ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠪᠣᠯᠣᠨ ᠠᠵᠢᠯ ᠤᠨ ᠲᠤᠰᠬᠠᠢ | ᠠᠩᠭᠢ ᠶᠢᠨ ᠠᠵᠢᠯᠲᠠᠨ ᠤ ᠨᠡᠷᠡᠰ | | | ᠨᠢᠭᠡ᠂ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠠᠷ | ᠵᠣᠬᠢᠶᠠᠨ ᠪᠠᠶᠢᠭᠤᠯᠵᠤ ᠳᠠᠭᠠᠭᠤᠯᠤᠭᠴᠢ᠄ | ᠬᠤᠤ ᠰᠢᠦ ᠴᠤᠸᠠᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠢᠩᠬᠢᠮ ᠤᠨ ᠳᠠᠷᠤᠭ᠎ᠠ | ᠪᠦᠷᠢᠯᠳᠦᠭᠦᠨ ᠨᠠᠷ᠄ | ᠹᠧᠩ ᠬᠥᠬᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ | ᠸᠠᠩ ᠹᠧᠩ ᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠲᠣᠭᠤᠷᠢᠨ | ᠪᠠᠶᠢᠴᠠᠭᠠᠭᠴᠢ | ᠸᠠᠩ ᠶᠠᠨ ᠹᠧᠩ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠳᠡᠳ᠋ ᠳᠠᠷᠤᠭ᠎ᠠ | ᠳ᠋ᠧᠩ ᠸᠧᠢ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠲᠢᠩᠬᠢᠮ ᠤᠨ ᠳᠡᠳ᠋ ᠳᠠᠷᠤᠭ᠎ᠠ | ᠮᠠ ᠢ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠲᠢᠩᠬᠢᠮ ᠤᠨ ᠳᠡᠳ᠋ ᠳᠠᠷᠤᠭ᠎ᠠ | ᠶᠢᠨ ᠮᠠᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠤᠪᠴᠢᠶᠠᠨ ᠤ ᠳᠠᠷᠤᠭ᠎ᠠ | ᠸᠠᠩ ᠾᠧ ᠫᠦ᠋ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠤᠪᠴᠢᠶᠠᠨ ᠤ ᠳᠡᠳ᠋ ᠳᠠᠷᠤᠭ᠎ᠠ | ᠬᠠᠨ ᠱᠣᠤ ᠵᠢᠶᠦ᠋ᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ | ᠠᠪᠤᠷᠠᠨ ᠲᠤᠰᠠᠯᠠᠬᠤ ᠭᠠᠵᠠᠷ ᠤᠨ ᠳᠠᠷᠤᠭ᠎ᠠ | ᠯᠦᠸᠧ ᠭᠦᠢ ᠰᠧᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠨᠡᠶᠢᠭᠡᠮ ᠤᠨ | ᠪᠠᠲᠤᠯᠠᠭ᠎ᠠ ᠶᠢᠨ ᠭᠠᠵᠠᠷ ᠤᠨ ᠳᠠᠷᠤᠭ᠎ᠠ | ᠹᠧᠩ ᠶᠸᠤ ᠺᠤᠸᠠᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠰᠤᠵᠢᠯ ᠤᠨ ᠳᠠᠭᠠᠳᠬᠠᠯ ᠤᠨ ᠭᠠᠵᠠᠷ ᠤᠨ ᠳᠠᠷᠤᠭ᠎ᠠ | ᠬᠤᠤ ᠰᠢᠤᠸᠠᠢ ᠰᠥᠩ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠢᠩᠬᠢᠮ ᠤᠨ ᠦᠵᠡᠯ ᠰᠠᠨᠠᠭ᠎ᠠ ᠤᠯᠤᠰ ᠲᠥᠷᠥ ᠪᠠ ᠡᠷᠬᠡ ᠠᠰᠢᠭ ᠢ ᠬᠠᠮᠠᠭᠠᠯᠠᠬᠤ ᠭᠠᠵᠠᠷ ᠤᠨ ᠳᠡᠳ᠋ | ᠳᠠᠷᠤᠭ᠎ᠠ ︵ᠲᠤᠰ ᠲᠢᠩᠬᠢᠮ ᠤᠨ ᠠᠵᠢᠯ ᠢ ᠡᠷᠬᠢᠯᠡᠨ ᠠᠳᠬᠤᠵᠤ ᠪᠤᠢ︶ | ᡁᠢ ᠢᠤᠢ ᠺᠤᠸᠠᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠢᠩᠬᠢᠮ ᠤᠨ ᠰᠢᠯᠵᠢᠭᠦᠯᠵᠦ ᠲᠥᠪᠬᠢᠨᠡᠭᠦᠯᠬᠦ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ | ᠶᠤᠸᠠᠨ ᠫᠸᠢ ᠪᠢᠨ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠢᠩᠬᠢᠮ ᠤᠨ ᠠᠵᠢᠯ ᠣᠯᠭᠤᠵᠤ ᠦᠢᠯᠡᠰ ᠴᠣᠭᠴᠠᠯᠠᠬᠤ ᠭᠠᠵᠠᠷ ᠤᠨ ᠳᠡᠳ᠋ ᠳᠠᠷᠤᠭ᠎ᠠ ︵ᠲᠤᠰ | ᠲᠢᠩᠬᠢᠮ ᠤᠨ ᠠᠵᠢᠯ ᠢ ᠡᠷᠬᠢᠯᠡᠨ ᠠᠳᠬᠤᠵᠤ ᠪᠤᠢ︶ | ᠱᠧᠩ ᠠᠨ ᠪᠢᠶᠣᠤ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠢᠩᠬᠢᠮ ᠤᠨ ᠰᠢᠯᠵᠢᠭᠦᠯᠵᠦ ᠲᠥᠪᠬᠢᠨᠡᠭᠦᠯᠬᠦ ᠬᠠᠮᠢᠶᠠᠷᠤᠯᠲᠠ ᠶᠢᠨ ᠭᠠᠵᠠᠷ ᠤᠨ ᠪᠠᠶᠢᠴᠠᠭᠠᠨ | ᠰᠤᠳ᠋ᠤᠯᠤᠭᠴᠢ | ᠸᠠᠩ ᠵᠢᠶᠠᠨ ᠬᠤᠸᠠ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠲᠣᠪᠴᠢᠶᠠᠨ ᠤ ᠳᠡᠳ᠋ | ᠳᠠᠷᠤᠭ᠎ᠠ | ᠯᠢ ᠷᠥᠩ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠣᠪᠴᠢᠶᠠᠨ ᠤ ᠳᠡᠳ᠋ | ᠳᠠᠷᠤᠭ᠎ᠠ | ᠶᠢᠨ ᠰᠢᠶᠠᠨ ᠹᠧᠩ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠨᠡᠶᠢᠭᠡᠮ ᠤᠨ | ᠳᠠᠭᠠᠳᠬᠠᠯ ᠤᠨ ᠵᠠᠷᠤᠳᠠᠯ ᠤᠨ ᠭᠠᠵᠠᠷ ᠤᠨ ᠳᠠᠷᠤᠭ᠎ᠠ | ᠬᠤᠶᠠᠷ᠂ ᠠᠵᠢᠯ ᠤᠨ ᠲᠤᠰᠬᠠᠢ ᠠᠩᠭᠢ ᠶᠢᠨ ᠪᠦᠷᠢᠯᠳᠦᠭᠦᠨ ᠨᠠᠷ | ᠡᠷᠬᠢᠯᠡᠭᠴᠢ᠄ | ᠳ᠋ᠧᠩ ᠸᠧᠢ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠲᠢᠩᠬᠢᠮ ᠤᠨ ᠳᠡᠳ᠋ ᠳᠠᠷᠤᠭ᠎ᠠ | ᠳᠡᠳ᠋ ᠡᠷᠬᠢᠯᠡᠭᠴᠢ᠄ | ᠱᠧᠩ ᠠᠨ ᠪᠢᠶᠣᠤ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠲᠢᠩᠬᠢᠮ ᠤᠨ ᠰᠢᠯᠵᠢᠭᠦᠯᠵᠦ ᠲᠥᠪᠬᠢᠨᠡᠭᠦᠯᠬᠦ ᠬᠠᠮᠢᠶᠠᠷᠤᠯᠲᠠ ᠶᠢᠨ ᠭᠠᠵᠠᠷ ᠤᠨ ᠪᠠᠶᠢᠴᠠᠭᠠᠨ | ᠰᠤᠳᠤᠯᠤᠭᠴᠢ | ᠪᠦᠷᠢᠯᠳᠦᠭᠦᠨ ᠨᠠᠷ᠄ ᠲᠢᠶᠠᠨ ᡁᠢ ᠶᠦᠩ᠂ ᠹᠠᠨ ᠭᠦᠢ ᠬᠠᠨ᠂ ᠴᠧᠩ ᠷᠦᠩ᠂ ᠮᠠ ᠪᠣᠤ ᠼᠠᠢ᠂ ᠯᠢᠦ | ᠰᠢᠶᠣᠤ ᠵᠢᠶᠦ᠋ᠨ᠂ ᠬᠤᠤ ᠰᠢᠶᠣᠤ ᠸᠧᠢ᠂ ᠵᠣᠤ ᠸᠧᠢ᠂ ᠲᠢᠶᠠᠨ ᠹᠦ᠋ ᠴᠢᠶᠠᠩ᠂ ᠯᠢ ᠸᠧᠢ᠂ ᠸᠠᠩ ᠢᠤᠢ ᠬᠤᠢ᠂ ᠹᠦ᠋ | ᠺᠦᠢ ᠱᠧᠩ᠂ ᠭᠦᠸᠧ ᠮᠢᠶᠣᠣ᠂ ᠵᠣᠤ ᠯᠢ ᠯᠢ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | |