ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠰᠠᠶᠢᠨ ᠳᠤᠷᠠᠴᠤᠤᠯ ᠤᠨ ᠪᠣᠯᠪᠠᠰᠤᠷᠠᠭᠤᠯᠤᠯ ᠤᠨ ᠪᠡᠯᠡᠳᠬᠡᠯ ᠠᠵᠢᠯ ᠢ ᠯᠠᠪᠳᠠᠭᠤᠨ ᠢᠶᠠᠷ ᠠᠬᠢᠭᠤᠯᠵᠤ ᠪᠤᠢ
ᠨᠡᠶᠢᠲᠡᠯᠡᠭᠰᠡᠨ ᠴᠠᠭ᠄
2019/10/30
     10 ᠳ᠋ᠤᠭᠠᠷ ᠰᠠᠷ᠎ᠠ ᠶᠢᠨ 29᠎ ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠠᠯᠪᠠᠨ ᠭᠡᠷ ᠤᠨ ᠰᠠᠶᠢᠨ ᠳᠤᠷᠠᠴᠤᠤᠯ ᠤᠨ ᠦᠢᠯᠡᠴᠢᠯᠡᠭᠡᠨ ᠤ ᠳᠤᠭᠤᠶᠢᠯᠠᠩ ᠠᠴᠠ ᠣᠶᠢᠯᠠᠭᠠᠭᠰᠠᠨ ᠢᠶᠠᠷ᠂ ᠤᠷᠤᠯᠳᠤᠭᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠠᠶᠢᠨ ᠳᠤᠷᠠᠴᠤᠤᠯ ᠤᠨ ᠪᠡᠯᠡᠳᠬᠡᠯ ᠪᠠ ᠪᠣᠯᠪᠠᠰᠤᠷᠠᠭᠤᠯᠤᠯ ᠤᠨ ᠠᠵᠢᠯ ᠢ ᠶᠠᠭ ᠯᠠᠪᠳᠠᠭᠤᠨ ᠢᠶᠠᠷ ᠠᠬᠢᠭᠤᠯᠵᠤ ᠪᠤᠢ᠃ ᠣᠳᠣᠬᠠᠨ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠨᠡᠶᠢᠲᠡ 2000 ᠰᠠᠶᠢᠨ ᠳᠤᠷᠠᠴᠤᠤᠯ ᠢ ᠡᠯᠰᠡᠵᠦ᠂ ᠲᠡᠳᠡ ᠨᠠᠷ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠥᠰᠦ ᠴᠠᠰᠤᠨ ᠳᠡᠭᠡᠷᠡᠬᠢ ᠪᠥᠬᠦ ᠤᠷᠤᠯᠳᠤᠭᠠᠨ ᠤ ᠣᠷᠴᠢᠭᠤᠯᠭ᠎ᠠ᠂ ᠬᠤᠷᠠᠯ ᠤᠨ ᠶᠠᠪᠤᠳᠠᠯ᠂ ᠶᠣᠰᠣᠯᠠᠯ᠂ ᠯᠠᠪᠯᠠᠭ᠎ᠠ᠂ ᠱᠠᠩᠨᠠᠯ ᠣᠯᠭᠤᠬᠤ ᠵᠡᠷᠭᠡ ᠠᠵᠢᠯ ᠢ ᠡᠭᠦᠷᠭᠡᠯᠡᠬᠦ ᠪᠣᠯᠤᠨ᠎ᠠ᠃      ᠰᠠᠶᠢᠨ ᠳᠤᠷᠠᠴᠤᠤᠯ ᠤᠨ ᠪᠡᠯᠡᠳᠬᠡᠯ ᠠᠵᠢᠯ ᠤᠨ ᠲᠠᠯ᠎ᠠ ᠪᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠠᠯᠪᠠᠨ ᠭᠡᠷ ᠤᠨ ᠰᠠᠶᠢᠨ ᠳᠤᠷᠠᠴᠤᠤᠯ ᠤᠨ ᠦᠢᠯᠡᠴᠢᠯᠡᠭᠡᠨ ᠤ ᠳᠤᠭᠤᠶᠢᠯᠠᠩ ᠨᠢ ᠡᠯ᠎ᠡ ᠤᠷᠤᠯᠳᠤᠭᠠᠨ ᠤ ᠲᠣᠭᠤᠷᠢᠭ ᠤᠨ ᠰᠠᠶᠢᠨ ᠳᠤᠷᠠᠴᠤᠤᠯ ᠤᠨ ᠠᠵᠢᠯᠯᠠᠬᠤ ᠳᠤᠭᠤᠶᠢᠯᠠᠩ ᠤᠨ ᠬᠠᠷᠢᠭᠤᠴᠠᠯᠭᠠᠲᠠᠨ ᠵᠢᠴᠢ ᠴᠡᠭ ᠲᠣᠭᠲᠠᠭᠠᠨ ᠡᠯᠰᠡᠬᠦ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠢ ᠴᠤᠭᠯᠠᠭᠤᠯᠵᠤ᠂ ᠬᠥᠯᠥᠨ ᠪᠤᠶᠢᠷ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠠᠯᠪᠠᠯᠠᠬᠤ ᠭᠠᠵᠠᠷ ᠲᠤ ᠰᠠᠶᠢᠨ ᠳᠤᠷᠠᠴᠤᠤᠯ ᠤᠨ ᠪᠡᠯᠡᠳᠬᠡᠯ ᠠᠵᠢᠯ ᠤᠨ ᠶᠠᠷᠢᠯᠴᠠᠬᠤ ᠬᠤᠷᠠᠯ ᠢ ᠲᠥᠪᠯᠡᠷᠡᠭᠦᠯᠦᠨ ᠥᠷᠨᠢᠭᠦᠯᠪᠡ᠃ ᠡᠭᠦᠨ ᠤ ᠬᠠᠮᠲᠤ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ᠂ ᠶᠠᠭᠰᠢ ᠶᠢᠨ ᠹᠧᠩ ᠬᠤᠸᠠᠩ ᠱᠠᠨ ᠴᠠᠰᠤᠨ ᠳᠤ ᠭᠤᠯᠭᠤᠬᠤ ᠲᠠᠯᠠᠪᠠᠢ ᠵᠡᠷᠭᠡ ᠭᠠᠵᠠᠷ ᠲᠤ ᠬᠦᠷᠴᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠯᠠᠪᠠᠢ ᠣᠷᠳᠣᠨ ᠢ ᠲᠤᠬᠠᠶ ᠶᠢᠨ ᠭᠠᠵᠠᠷ ᠲᠤ ᠨᠢ ᠲᠣᠭᠤᠷᠢᠨ ᠦᠵᠡᠵᠦ᠂ ᠭᠤᠤᠯ ᠤᠷᠤᠯᠳᠤᠭᠠᠨ ᠤ ᠲᠣᠭᠤᠷᠢᠭ ᠤᠨ ᠬᠥᠯᠥᠨ ᠪᠤᠶᠢᠷ ᠬᠤᠲᠠ ᠶᠢᠨ ᠬᠤᠯᠪᠣᠭᠳᠠᠯ ᠪᠦᠬᠦᠢ ᠰᠠᠶᠢᠨ ᠳᠤᠷᠠᠴᠤᠤᠯ ᠤᠨ ᠠᠵᠢᠯ ᠤᠨ ᠪᠠᠶᠢᠷᠢ ᠶᠢ ᠵᠣᠬᠢᠴᠠᠭᠤᠯᠬᠤ᠂ ᠲᠣᠨᠤᠭ ᠲᠥᠬᠦᠭᠡᠷᠦᠮᠵᠢ ᠶᠢᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠤᠨ ᠲᠣᠭᠲᠠᠴᠠ ᠶᠢ ᠰᠤᠷᠤᠯᠴᠠᠬᠤ ᠪᠠᠷ ᠳᠠᠮᠵᠢᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠯ᠎ᠡ ᠤᠷᠤᠯᠳᠤᠭᠠᠨ ᠤ ᠲᠣᠭᠤᠷᠢᠭ ᠤᠨ ᠰᠠᠶᠢᠨ ᠳᠤᠷᠠᠴᠤᠤᠯ ᠤᠨ ᠪᠡᠯᠡᠳᠬᠡᠯ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃      ᠡᠭᠦᠨ ᠤ ᠵᠡᠷᠭᠡ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠠᠶᠢᠨ ᠳᠤᠷᠠᠴᠤᠤᠯ ᠤᠨ ᠪᠣᠯᠪᠠᠰᠤᠷᠠᠭᠤᠯᠤᠯ ᠤᠨ ᠠᠵᠢᠯ ᠴᠤ ᠤᠳᠤ ᠶᠠᠭ ᠶᠠᠭᠠᠷᠠᠯᠲᠠᠶ ᠶᠠᠪᠤᠭᠳᠠᠵᠤ ᠪᠠᠶᠢᠨ᠎ᠠ᠃ ᠰᠠᠶᠢᠨ ᠳᠤᠷᠠᠴᠤᠤᠯ ᠤᠨ ᠪᠣᠯᠪᠠᠰᠤᠷᠠᠭᠤᠯᠤᠯ ᠢ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠪᠠ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠭᠡᠵᠦ ᠬᠤᠶᠠᠷ ᠬᠡᠰᠡᠭ ᠬᠤᠪᠢᠶᠠᠵᠤ᠂ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠳᠤ ᠭᠤᠤᠯᠳᠠᠭᠤ ᠰᠠᠶᠢᠨ ᠳᠤᠷᠠᠴᠤᠤᠯ ᠤᠨ ᠮᠡᠳᠡᠯᠭᠡ ᠵᠢᠴᠢ ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠪᠠᠭᠲᠠᠨ᠎ᠠ︔ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠨᠢ ᠪᠦᠷᠢᠨ ᠮᠡᠳᠡᠯᠭᠡ ᠶᠢᠨ ᠪᠣᠯᠪᠠᠰᠤᠷᠠᠭᠤᠯᠤᠯ ᠪᠠ ᠲᠤᠬᠠᠶ ᠶᠢᠨ ᠭᠠᠵᠠᠷ ᠤᠨ ᠰᠣᠷᠢᠯᠲᠠ ᠪᠠᠷ ᠭᠤᠤᠯᠯᠠᠭᠤᠯᠵᠤ᠂ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠡᠳᠡᠯᠭᠡ ᠶᠢ ᠲᠦᠭᠡᠮᠡᠯᠵᠢᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠠᠪᠤᠷᠠᠬᠤ ᠮᠡᠳᠡᠯᠭᠡ ᠶᠢ ᠲᠦᠭᠡᠮᠡᠯᠵᠢᠭᠦᠯᠬᠦ᠂ ᠰᠠᠶᠢᠨ ᠳᠤᠷᠠᠴᠤᠤᠯ ᠤᠨ ᠶᠣᠰᠣᠯᠠᠯ ᠤᠨ ᠪᠦᠷᠢᠨ ᠮᠡᠳᠡᠯᠭᠡ ᠶᠢᠨ ᠪᠣᠯᠪᠠᠰᠤᠷᠠᠭᠤᠯᠤᠯ᠂ ᠲᠣᠮᠣ ᠬᠡᠯᠪᠡᠷᠢ ᠶᠢᠨ ᠠᠵᠢᠯᠯᠠᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠭᠤᠷᠢ ᠤᠨᠤᠯ᠂ ᠲᠣᠮᠣ ᠬᠡᠯᠪᠡᠷᠢ ᠶᠢᠨ ᠤᠷᠤᠯᠳᠤᠭᠠᠨ ᠤ ᠴᠤᠭᠯᠠᠭᠠᠨ ᠤ ᠰᠠᠶᠢᠨ ᠳᠤᠷᠠᠴᠤᠤᠯ ᠤᠨ ᠪᠣᠯᠪᠠᠰᠤᠨ ᠦᠢᠯᠡ ᠠᠵᠢᠯᠯᠠᠭ᠎ᠠ ᠵᠢᠴᠢ ᠲᠤᠷᠰᠢᠯᠭ᠎ᠠ ᠶᠢ ᠬᠤᠪᠢᠶᠠᠨ ᠬᠦᠷᠲᠡᠬᠦ ᠵᠡᠷᠭᠡ ᠪᠠᠭᠲᠠᠨ᠎ᠠ᠃      ᠬᠥᠯᠥᠨ ᠪᠤᠶᠢᠷ ᠳᠡᠭᠡᠳᠦ ᠰᠤᠷᠭᠠᠭᠤᠯᠢ ᠠᠴᠠ ᠢᠷᠡᠭᠰᠡᠨ ᠶᠡᠭᠡ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠤᠭᠴᠢ ᠵᠠᠩ ᠦ᠋ ᠵᠢᠶᠠ᠄ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠰᠠᠶᠢᠨ ᠳᠤᠷᠠᠴᠤᠤᠯ ᠤᠨ ᠨᠢᠭᠡ ᠨᠢ ᠪᠣᠯᠤᠭᠰᠠᠨ ᠳᠤ ᠪᠠᠨ ᠪᠢ ᠮᠠᠰᠢ ᠠᠵᠠ ᠵᠠᠪᠰᠢᠶᠠᠨ ᠲᠠᠢ ᠰᠠᠨᠠᠭᠳᠠᠵᠤ ᠪᠠᠶᠢᠨ᠎ᠠ᠃ ᠪᠣᠯᠪᠠᠰᠤᠷᠠᠭᠤᠯᠤᠯ ᠢᠶᠠᠷ ᠳᠠᠮᠵᠢᠨ᠂ ᠪᠢᠳᠡ ᠨᠢᠭᠡᠨᠲᠡ ᠯᠠᠪᠳᠠᠭᠤᠨ ᠪᠠᠲᠤᠲᠠᠶ ᠣᠨᠣᠯ ᠤᠨ ᠮᠡᠳᠡᠯᠭᠡ ᠪᠠ ᠵᠣᠬᠢᠬᠤ ᠬᠡᠮᠵᠢᠶᠡᠨ ᠤ ᠪᠣᠳᠠᠲᠤ ᠲᠤᠷᠰᠢᠯᠭ᠎ᠠ ᠲᠠᠢ ᠪᠣᠯᠵᠠᠶ᠃ ᠲᠠᠷᠠᠭᠠᠴᠢ ᠶᠢᠨ ᠡᠳᠦᠷ ᠤᠳ ᠲᠤ᠂ ᠪᠢ ᠦᠷᠭᠦᠯᠵᠢᠯᠡᠨ ᠰᠢᠷᠭᠠᠭᠤ ᠪᠣᠯᠪᠠᠰᠤᠷᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠤᠷᠤᠯᠳᠤᠭᠠᠨ ᠤ ᠲᠠᠯᠠᠪᠤᠷ ᠳᠡᠭᠡᠷ᠎ᠡ ᠴᠢᠨᠠᠷ ᠰᠠᠶᠢᠲᠠᠶ᠂ ᠥᠨᠳᠥᠷ ᠬᠢᠷᠢ ᠲᠥᠪᠰᠢᠨ ᠲᠠᠢ᠂ ᠲᠤᠰᠬᠠᠶᠢᠵᠢᠭᠰᠠᠨ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠵᠠᠯᠠᠭᠤ ᠰᠠᠶᠢᠨ ᠳᠤᠷᠠᠴᠤᠤᠯ ᠤᠨ ᠴᠤᠭ ᠵᠢᠪᠬᠤᠭ᠎ᠠ ᠶᠢ ᠦᠵᠡᠭᠦᠯᠦᠨ᠎ᠡ︾ ᠭᠡᠪᠡ᠃      ᠣᠶᠢᠯᠠᠭᠠᠭᠰᠠᠨ ᠢᠶᠠᠷ᠂ 2019 ᠣᠨ ᠤ 7 ᠳ᠋ᠤᠭᠠᠷ ᠰᠠᠷ᠎ᠠ ᠶᠢᠨ 27᠎ ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠤᠨ ᠤ ᠤᠯᠠᠷᠢᠯ ᠤᠨ ᠲᠥᠷᠥᠯ ᠵᠦᠢᠯ ᠤᠨ ᠤᠷᠤᠯᠳᠤᠭᠠᠨ ᠡᠬᠢᠯᠡᠭᠰᠡᠨ ᠠᠴᠠ ᠨᠠᠭᠠᠰᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠤᠤᠯᠯᠠᠭᠴᠢ ᠰᠠᠶᠢᠨ ᠳᠤᠷᠠᠴᠤᠤᠯ ᠤᠷᠢᠳ ᠬᠤᠵᠢᠳ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠤᠯᠭᠤᠭᠤᠷ ᠬᠦᠷᠳᠦ + ᠫᠤᠤᠳᠠᠯᠭ᠎ᠠ ᠶᠢᠨ ᠤᠷᠤᠯᠳᠤᠭᠠᠨ᠂ 2019 ᠣᠨ ᠤ ᠳᠤᠮᠳᠠᠳᠤ ᠤᠯᠤᠰ ᠬᠤᠨᠳᠠᠭᠠᠲᠤ ᠲᠦᠷᠭᠡᠨ ᠲᠡᠰᠢᠯᠲᠡ ᠶᠢᠨ ᠰᠣᠳᠣᠨ ᠬᠤᠯᠪᠣᠭᠠᠲᠤ ᠤᠷᠤᠯᠳᠤᠭᠠᠨ ᠤ ᠬᠠᠶᠢᠯᠠᠷ ᠥᠷᠲᠡᠭᠡᠨ ᠤ ᠤᠷᠤᠯᠳᠤᠭᠠᠨ᠂ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠬᠤᠷᠳᠤᠨ ᠲᠡᠰᠢᠯᠲᠡ ᠶᠢᠨ ᠬᠢᠷᠢ ᠭᠡᠮ ᠤᠨ ᠤᠷᠤᠯᠳᠤᠭᠠᠨ ᠵᠡᠷᠭᠡ ᠤᠷᠤᠯᠳᠤᠭᠠᠨ ᠳᠤ ᠪᠤᠳᠠᠳᠤ ᠰᠣᠷᠢᠯᠲᠠ ᠬᠢᠵᠦ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠶ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号