10 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ᠪᠥᠬᠦ ᠣᠷᠣᠨ ᠤ ᠰᠤᠷᠤᠭᠴᠢ ᠶᠢ ᠡᠳ᠋ ᠮᠥᠩᠭᠦ ᠪᠠᠷ ᠲᠤᠰᠠᠯᠠᠬᠤ ᠠᠵᠢᠯ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠠᠴᠠ ᠮᠠᠨ ᠤ ᠣᠷᠣᠨ ᠤ ᠰᠤᠷᠤᠭᠴᠢ ᠶᠢ ᠡᠳ᠋ ᠮᠥᠩᠭᠦ ᠪᠠᠷ ᠲᠤᠰᠠᠯᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠣᠯᠤᠭᠰᠠᠨ ᠠᠮᠵᠢᠯᠲᠠ ᠪᠦᠲᠦᠮᠵᠢ ᠶᠢ ᠲᠠᠨᠢᠯᠴᠠᠭᠤᠯᠪᠠ᠃ | ᠪᠦᠷᠢᠳᠬᠡᠯ ᠢ ᠦᠨᠳᠦᠰᠦᠯᠡᠪᠡᠯ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠥᠬᠦ ᠣᠷᠣᠨ ᠳᠤ | ᠡᠯ᠎ᠡ ᠱᠠᠲᠤᠨ ᠤ ᠡᠯ᠎ᠡ ᠲᠥᠷᠥᠯ ᠤᠨ ᠰᠤᠷᠤᠭᠴᠢ ᠶᠢ ᠲᠤᠰᠠᠯᠠᠬᠤ ᠪᠠᠯᠠ ᠮᠥᠩᠭᠦ ᠶᠢ ᠨᠡᠶᠢᠲᠡ 420.2 ᠳ᠋ᠦᠩᠰᠢᠭᠤᠷ | ᠲᠥᠭᠦᠷᠢᠭ ᠨᠠᠶᠢᠳᠠᠪᠤᠷᠢᠵᠢᠭᠤᠯᠵᠣ᠂ 3866.2 ᠲᠦᠮᠡᠨ ᠬᠥᠮᠦᠨ ᠤᠳᠠᠭ᠎ᠠ ᠲᠤᠰᠠᠯᠠᠭᠰᠠᠨ ᠪᠠᠶᠢᠨ᠎ᠠ᠃ 2019 | ᠣᠨ ᠳᠤ᠂ ᠪᠥᠬᠦ ᠣᠷᠣᠨ ᠨᠢᠭᠡᠨᠲᠡ ᠡᠯ᠎ᠡ ᠱᠠᠲᠤᠨ ᠤ ᠡᠯ᠎ᠡ ᠲᠥᠷᠥᠯ ᠤᠨ ᠰᠤᠷᠤᠭᠴᠢ ᠶᠢ 364.1 ᠲᠦᠮᠡᠨ | ᠬᠥᠮᠦᠨ ᠤᠳᠠᠭ᠎ᠠ ᠲᠤᠰᠠᠯᠠᠵᠤ᠂ ᠲᠤᠰᠠᠯᠠᠭᠰᠠᠨ ᠵᠣᠭᠤᠰ ᠤᠨ ᠲᠤᠭ᠎ᠠ ᠨᠢ 44 ᠳ᠋ᠦᠩᠰᠢᠭᠤᠷ ᠲᠥᠭᠦᠷᠢᠭ ᠲᠤ | ᠬᠦᠷᠴᠡᠶ᠃ | ᠰᠤᠷᠤᠭᠴᠢ ᠶᠢ ᠲᠤᠰᠠᠯᠠᠬᠤ ᠠᠵᠢᠯ ᠳᠤᠪᠤᠶᠢᠮ᠎ᠠ ᠦᠷ᠎ᠡ ᠪᠦᠲᠦᠮᠵᠢ ᠣᠯᠪᠠ᠃ ᠡᠳ᠋ ᠮᠥᠩᠭᠦ ᠪᠠᠷ ᠲᠤᠰᠠᠯᠠᠬᠤ | ᠳᠣᠲᠣᠭᠠᠳᠤ ᠠᠭᠤᠯᠬᠤᠨ ᠲᠠᠰᠤᠷᠠᠯᠲᠠ ᠦᠭᠡᠢ ᠪᠠᠶᠠᠯᠢᠭᠵᠢᠨ᠂ ᠡᠳ᠋ ᠮᠥᠩᠭᠦ ᠪᠠᠷ ᠲᠤᠰᠠᠯᠠᠬᠤ ᠠᠵᠢᠯ ᠨᠢ | ᠥᠩᠭᠡᠷᠡᠭᠰᠡᠨ ᠳᠤ ᠭᠤᠤᠯᠳᠠᠭᠤ ᠰᠤᠷᠤᠭᠴᠢᠳ ᠤᠨ ᠰᠤᠷᠤᠯᠭ᠎ᠠ ᠠᠮᠢᠳᠤᠷᠠᠯ ᠤᠨ ᠵᠠᠷᠤᠳᠠᠯ ᠢ ᠠᠵᠤ ᠠᠬᠤᠢ ᠶᠢᠨ | ᠲᠠᠯ᠎ᠠ ᠪᠠᠷ ᠲᠤᠰᠠᠯᠠᠵᠤ ᠬᠠᠪᠰᠤᠷᠴᠦ ᠪᠠᠶᠢᠭᠰᠠᠨ ᠠᠴᠠ ᠪᠠᠨ ᠡᠳ᠋ ᠮᠥᠩᠭᠦ ᠪᠠᠷ ᠲᠤᠰᠠᠯᠠᠨ ᠬᠦᠮᠦᠨ ᠢ ᠬᠦᠮᠦᠵᠢᠭᠦᠯᠬᠦ ᠶᠢ | ᠨᠠᠩ ᠴᠢᠬᠤᠯᠠᠴᠢᠯᠠᠬᠤ ᠰᠢᠨ᠎ᠡ ᠬᠡᠪ ᠵᠠᠭᠪᠤᠷ ᠪᠣᠯᠭᠠᠨ ᠬᠥᠭᠵᠢᠭᠦᠯᠵᠦ᠂ ᠡᠳ᠋ ᠮᠥᠩᠭᠦ ᠪᠠᠷ ᠲᠤᠰᠠᠯᠠᠬᠤ ᠠᠷᠭ᠎ᠠ | ᠮᠠᠶ᠋ᠢᠭ ᠨᠢ ᠥᠩᠭᠡᠷᠡᠭᠰᠡᠨ ᠤ ᠳᠠᠩ ᠴᠤᠯᠭᠤᠶ ︽ᠣᠯᠭᠤᠬᠤ︾ ᠮᠠᠶ᠋ᠢᠭ ᠤᠨ ᠲᠣᠰᠠᠯᠠᠮᠵᠢ ᠪᠠᠶᠢᠭᠰᠠᠨ ᠠᠴᠠ ᠪᠠᠨ ︽ | ᠣᠯᠭᠤᠬᠤ ᠪᠠ ᠦᠪᠡᠷ ᠤᠨ ᠴᠢᠳᠠᠪᠤᠷᠢ ᠪᠠᠨ ᠪᠠᠳᠠᠷᠠᠭᠤᠯᠬᠤ ᠶᠢ ᠤᠶᠠᠯᠳᠤᠭᠤᠯᠬᠤ︾ ᠮᠠᠶ᠋ᠢᠭ ᠤᠨ ᠲᠤᠰᠠᠯᠠᠮᠵᠢ ᠪᠣᠯᠵᠤ | ᠬᠤᠪᠢᠷᠠᠪᠠ᠃ ᠡᠳ᠋ ᠮᠥᠩᠭᠦ ᠪᠠᠷ ᠲᠤᠰᠠᠯᠠᠬᠤ ᠬᠠᠮᠢᠶᠠᠷᠤᠯᠲᠠ ᠶᠢ ᠨᠠᠩ ᠵᠢᠷᠤᠮᠵᠢᠭᠤᠯᠵᠤ᠂ ᠬᠠᠮᠢᠶᠠᠷᠤᠯᠲᠠ ᠶᠢᠨ | ᠳᠦᠷᠢᠮ ᠢ ᠵᠢᠷᠤᠮᠵᠢᠭᠤᠯᠤᠨ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠵᠢᠷᠤᠮᠵᠢᠭᠤᠯᠵᠤ᠂ ᠡᠳ᠋ ᠮᠥᠩᠭᠦ ᠪᠠᠷ | ᠲᠤᠰᠠᠯᠠᠬᠤ ᠳᠡᠰ ᠳᠠᠷᠠᠭᠠᠯᠠᠯ ᠢ ᠵᠢᠷᠤᠮᠵᠢᠭᠤᠯᠤᠨ᠂ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠮᠡᠳᠡᠭᠡ | ᠵᠠᠩᠭᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠲᠠ ᠶᠢ | ᠵᠢᠷᠤᠮᠵᠢᠭᠤᠯᠵᠤ᠂ ᠡᠳ᠋ ᠮᠥᠩᠭᠦ ᠪᠠᠷ ᠲᠤᠰᠠᠯᠠᠬᠤ ᠠᠵᠢᠯ ᠤᠨ ︽ᠵᠢᠷᠭᠤᠭᠠᠨ ᠵᠢᠷᠤᠮᠵᠢᠯ︾ ᠬᠡᠷᠡᠭᠵᠢᠭᠦᠯᠬᠦ ᠶᠢ | ᠢᠳᠡᠪᠬᠢᠲᠡᠶ ᠪᠠᠷ ᠲᠦᠯᠬᠢᠨ ᠠᠬᠢᠭᠤᠯᠪᠠ᠃ ᠡᠳ᠋ ᠮᠥᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠮᠡᠳᠡᠭᠡ | ᠵᠠᠩᠭᠢᠴᠢᠯᠠᠯᠲᠠ ᠶᠢᠨ ᠬᠢᠷᠢ ᠲᠥᠪᠰᠢᠨ ᠢ ᠢᠯᠡᠳᠲᠡ ᠳᠡᠭᠡᠭᠰᠢᠯᠡᠭᠦᠯᠵᠦ᠂ ᠣᠳᠣᠬᠠᠨ ᠳᠤ ᠮᠠᠨ ᠤ ᠣᠷᠣᠨ ᠤ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠦᠶ᠎ᠡ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠩ ᠤᠨ ᠶᠡᠭᠡ | ᠳᠡᠭᠡᠳᠦ ᠵᠡᠷᠭᠡ ᠶᠢᠨ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠵᠢᠩᠬᠢᠨᠢ ᠠᠩᠭᠢ | ᠲᠤᠰᠬᠠᠶ ᠮᠡᠷᠭᠡᠵᠢᠯ ᠤᠨ ᠠᠩᠭᠢ᠂ ᠰᠤᠳᠤᠯᠬᠤ ᠰᠤᠷᠤᠭᠴᠢ ᠵᠡᠷᠭᠡ ᠡᠳ᠋ ᠮᠥᠩᠭᠦ ᠪᠠᠷ ᠲᠤᠰᠠᠯᠠᠬᠤ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ 6 ᠰᠢᠰᠲ᠋ᠧᠮ ᠢ ᠨᠢᠭᠡᠨᠲᠡ ᠪᠥᠬᠦ ᠲᠠᠯ᠎ᠠ ᠪᠠᠷ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠃ | ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠩ ᠲᠣᠳᠣᠷᠬᠠᠶ ᠪᠣᠯᠭᠠᠵᠤ᠂ ᠲᠥᠷᠦ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠰᠤᠷᠭᠠᠨ ᠬᠥᠮᠦᠵᠢᠯ ᠢᠶᠠᠷ ᠶᠠᠳᠠᠭᠤ ᠶᠢ | ᠲᠡᠳᠬᠦᠵᠦ ᠠᠷᠠᠳ ᠲᠤ ᠠᠰᠢᠭ ᠬᠦᠷᠲᠡᠭᠡᠬᠦ ᠲᠥᠷᠦ ᠶᠢᠨ ᠪᠣᠳᠣᠯᠭ᠎ᠠ ᠶᠢ ᠳᠠᠶᠠᠭᠠᠷ ᠣᠯᠠᠨ ᠳᠤ ᠣᠶᠢᠯᠠᠭᠠᠭᠤᠯᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠰᠤᠷᠤᠭᠴᠢ ᠶᠢ ᠲᠡᠳᠬᠦᠨ ᠲᠤᠰᠠᠯᠠᠬᠤ ᠰᠢᠰᠲ᠋ᠧᠮ ᠤᠨ | ᠪᠠᠶᠢᠭᠤᠯᠤᠯᠲᠠ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠨᠠᠷᠢᠯᠢᠭ ᠣᠨᠤᠪᠴᠢᠲᠠᠢ ᠪᠠᠷ ᠲᠡᠳᠬᠦᠨ | ᠲᠤᠰᠠᠯᠠᠬᠤ ᠵᠢᠴᠢ ᠶᠠᠳᠠᠭᠤ ᠬᠦᠴᠢᠷᠳᠡᠯᠲᠡᠶ ᠭᠠᠵᠠᠷ ᠣᠷᠣᠨ᠂ ᠶᠡᠭᠡ ᠳᠡᠭᠡᠳᠦ ᠵᠡᠷᠭᠡ ᠶᠢᠨ ᠰᠤᠷᠭᠠᠭᠤᠯᠢ ᠨᠢ | ᠰᠤᠷᠤᠭᠴᠢ ᠶᠢ ᠲᠡᠳᠬᠦᠨ ᠲᠤᠰᠠᠯᠠᠬᠤ ᠠᠵᠢᠯ ᠢ ᠬᠡᠷᠬᠢᠨ ᠰᠠᠶᠢᠲᠤᠷ ᠬᠢᠬᠦ ᠵᠡᠷᠭᠡ ᠠᠰᠠᠭᠤᠳᠠᠯ ᠤᠨ ᠲᠣᠭᠤᠷᠢᠨ ᠳᠤ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ |