ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠬᠠᠳᠤᠨ | ᠭᠤᠤᠯ ᠤᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ ᠵᠢᠴᠢ ᠭᠤᠤᠯᠳᠠᠯᠭ᠎ᠠ ᠲᠠᠢ ᠰᠠᠯᠪᠤᠷᠢ ᠤᠷᠤᠰᠬᠠᠯ | ᠵᠡᠷᠭᠡ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠮᠠᠨ ᠤ ᠣᠷᠣᠨ ᠤ ᠬᠠᠳᠤᠨ ᠭᠤᠤᠯ ᠤᠨ ᠰᠠᠪᠠ | ᠭᠠᠵᠠᠷ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠵᠤ᠂ | ᠭᠤᠤᠯ ᠰᠠᠯᠪᠤᠷᠢ ᠤᠷᠤᠰᠬᠠᠯ ᠢ ᠴᠥᠭᠦᠷᠥᠮ ᠳᠤ ᠤᠷᠤᠰᠬᠠᠬᠤ᠂ ᠭᠤᠤᠯ ᠤᠨ ᠭᠤᠯᠳᠣᠷᠢᠯ ᠢ ᠴᠡᠭᠴᠡᠯᠡᠨ ᠵᠠᠰᠠᠬᠤ᠂ | ᠬᠠᠰᠢᠯᠭ᠎ᠠ ᠳᠠᠯᠠᠩ ᠢᠶᠠᠷ ᠡᠷᠭᠢ ᠶᠢ ᠬᠠᠮᠠᠭᠠᠯᠠᠬᠤ ᠵᠡᠷᠭᠡ ᠪᠠᠷ ᠪᠦᠷᠢᠯᠳᠦᠭᠰᠡᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ | ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ | ᠣᠳᠣᠬᠠᠨ ᠪᠣᠯᠲᠠᠯ᠎ᠠ᠂ ᠬᠠᠳᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠲᠤ ᠨᠢᠭᠡᠨᠲᠡ ᠡᠯ᠎ᠡ | ᠲᠥᠷᠥᠯ ᠤᠨ ᠬᠠᠰᠢᠯᠭ᠎ᠠ ᠶᠢ 1043.336 ᠺᠢᠯᠣᠮᠧᠲᠷ᠂ ᠭᠤᠤᠯ ᠤᠨ ᠭᠤᠯᠳᠣᠷᠢᠯ ᠢ ᠴᠡᠭᠴᠡᠯᠡᠨ ᠵᠠᠰᠠᠭᠰᠠᠨ | ᠪᠠᠷᠢᠯᠭ᠎ᠠ 105 ᠬᠡᠰᠡᠭ᠂ ᠬᠠᠰᠢᠯᠭ᠎ᠠ ᠳᠠᠯᠠᠩ 3344 ᠬᠡᠰᠡᠭ᠂ ᠡᠯ᠎ᠡ ᠲᠥᠷᠥᠯ ᠤᠨ ᠤᠰᠤᠨ ᠴᠥᠭᠦᠷᠥᠮ ᠢ 226 | ᠪᠠᠶᠢᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ ᠤᠯᠠᠭᠠᠨᠪᠤᠬ᠎ᠠ᠂ ᠪᠣᠷᠣᠲᠣᠬᠤᠶ ᠶᠢᠨ ᠤᠰᠤᠯᠠᠯᠲᠠ ᠶᠢᠨ | ᠣᠷᠣᠨ ᠵᠢᠴᠢ ᠤᠯᠠᠭᠠᠨᠰᠤᠬᠠᠢ᠂ ᠬᠠᠷ᠎ᠠ ᠤᠰᠤ ᠭᠤᠤᠯ᠂ ᠬᠠᠩᠭᠢᠨ ᠨᠠᠭᠤᠷ᠂ ᠫᠦ ᠭᠧ ᠹᠦ᠋ ᠪᠣᠯᠤᠨ ᠵᠤᠤ ᠵᠢᠶᠦ᠋ᠨ ᠤ | ᠪᠤᠯᠠᠰᠢ ᠵᠡᠷᠭᠡ ᠪᠠᠴᠢᠮ ᠪᠠᠶᠢᠳᠠᠯ ᠢ ᠠᠷᠭᠠᠴᠠᠭᠠᠵᠤ ᠦᠶᠡᠷ ᠢ ᠰᠡᠷᠭᠡᠶᠢᠯᠡᠬᠦ 6 ᠣᠷᠣᠨ ᠤ ᠰᠦᠩ ᠬᠠᠯᠢᠶ᠎ᠠ ᠶᠢᠨ | ᠳᠠᠷᠤᠯᠲᠠ ᠶᠢ ᠲᠦᠢᠯ ᠤᠨ ᠶᠡᠭᠡ ᠪᠠᠷ ᠬᠥᠩᠭᠡᠷᠡᠭᠦᠯᠪᠡ᠃ ᠡᠭᠦᠨ ᠠᠴᠠ ᠭᠠᠳᠠᠨ᠎ᠠ᠂ ᠨᠢᠭᠡᠨᠲᠡ ᠪᠠᠶᠢᠭᠤᠯᠤᠭᠰᠠᠨ 29 | ᠬᠠᠷᠠᠭᠠᠨ ᠳᠠᠪᠲᠠᠮᠵᠢ ᠶᠢᠨ ᠥᠷᠲᠡᠭᠡ ᠨᠢ ᠰᠠᠪᠠ ᠭᠠᠵᠠᠷ ᠤᠨ ᠪᠣᠷᠤᠭᠠᠨ ᠤᠰᠤᠨ ᠤ ᠪᠠᠶᠢᠳᠠᠯ ᠤᠨ ᠬᠤᠪᠢᠷᠠᠯᠲᠠ ᠶᠢ | ᠦᠨᠳᠦᠰᠦᠨ ᠳᠡᠭᠡᠨ ᠡᠵᠡᠮᠳᠡᠵᠦ᠂ ᠦᠶᠡᠷ ᠢ ᠰᠡᠷᠭᠡᠶᠢᠯᠡᠬᠦ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠤ ᠪᠠᠨ ᠬᠠᠩᠭᠠᠵᠤ ᠪᠣᠯᠤᠨ᠎ᠠ᠃ ᠮᠠᠨ ᠤ ᠣᠷᠣᠨ ᠪᠠᠰᠠ ᠪᠠᠲᠤᠯᠠᠬᠤ᠂ | ᠵᠠᠰᠠᠬᠤ᠂ ᠬᠤᠷᠢᠭᠯᠠᠬᠤ᠂ ᠲᠣᠬᠢᠷᠠᠭᠤᠯᠬᠤ᠂ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠬᠠᠲᠤᠨ ᠭᠤᠣᠯ ᠤᠨ | ᠡᠯᠡᠰᠦ ᠰᠢᠪᠠᠷ ᠤᠨ ᠠᠭᠤᠯᠤᠭᠳᠠᠴᠠ ᠶᠢᠨ ᠬᠡᠮᠵᠢᠶ᠎ᠡ ᠶᠢ ᠪᠦᠲᠦᠮᠵᠢᠲᠡᠶ ᠪᠠᠭᠠᠰᠬᠠᠵᠠᠶ᠃ |