ᠮᠠᠨ ᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ 2 ᠣᠨᠴᠠ ᠲᠣᠮᠢᠯᠠᠭᠳᠠᠭᠴᠢ 1 ᠨᠢᠭᠡᠴᠢ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠠᠶᠢᠰᠢᠶᠠᠯ ᠢ ᠣᠯᠪᠠ
ᠨᠡᠶᠢᠲᠡᠯᠡᠭᠰᠡᠨ ᠴᠠᠭ᠄
2019/10/31
     ᠣᠶᠢᠷ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠳᠦᠷᠢᠮ ᠢ ᠬᠡᠷᠡᠭᠵᠢᠭᠦᠯᠦᠭᠰᠡᠨ 20 ᠵᠢᠯ ᠤᠨ ᠤᠢ ᠶᠢᠨ ᠳ᠋ᠦᠩᠨᠡᠯᠲᠡ ᠶᠢᠨ ᠬᠤᠷᠠᠯ ᠪᠡᠭᠡᠵᠢᠩ ᠳᠤ ᠬᠤᠷᠠᠯᠳᠤᠵᠤ᠂ ᠬᠤᠷᠠᠯ ᠠᠴᠠ ᠪᠥᠬᠦ ᠤᠯᠤᠰ ᠤᠨ 92 ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠪᠠ 43 ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠨᠢᠭᠡᠴᠢ ᠶᠢ ᠨᠡᠶᠢᠲᠡᠯᠡᠨ ᠰᠠᠶᠢᠰᠢᠶᠠᠪᠠ᠃ ᠡᠭᠦᠨ ᠳᠤ᠂ ᠮᠠᠨ ᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠤᠯᠠᠭᠠᠨᠴᠠᠪ ᠬᠤᠲᠠ ᠶᠢᠨ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠦᠶᠯᠡᠴᠢᠯᠡᠭᠡᠨ ᠤ ᠲᠥᠪ ᠤᠨ ᠭᠤᠸᠠᠨ ᠬᠤᠢ ᠮᠢᠩ᠂ ᠬᠥᠯᠥᠨ ᠪᠣᠶᠢᠷ ᠤᠨ ᠱᠧᠨ ᠺᠤᠸᠠᠨ ᠠᠮᠢᠳᠤ ᠪᠣᠳᠠᠰ ᠤᠨ ᠮᠡᠷᠭᠡᠵᠢᠯ ᠤᠨ ᠰᠤᠳᠤᠯᠭᠠᠨ ᠤ ᠭᠠᠵᠠᠷ ᠤᠨ ᠴᠧᠨ ᠱᠧᠨ ᠺᠤᠸᠠᠨ ᠵᠢᠴᠢ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠴᠦ ᠦᠶᠯᠡᠰ ᠴᠣᠭᠴᠠᠯᠠᠬᠤ ᠦᠶᠯᠡᠴᠢᠯᠡᠭᠡᠨ ᠤ ᠲᠥᠪ ᠨᠢ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠰᠠᠶᠢᠰᠢᠶᠠᠯ ᠢ ᠣᠯᠪᠠ᠃      ᠭᠤᠸᠠᠨ ᠬᠤᠢ ᠮᠢᠩ ᠤᠷᠢᠳ ᠬᠤᠵᠢᠳ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠱᠠᠩᠨᠠᠯ ᠢ 25 ᠬᠦᠷᠲᠡᠵᠦ᠂ ᠤᠯᠤᠰ ᠤᠨ ᠳᠣᠲᠣᠭᠠᠳᠤ ᠳᠤ ᠡᠩ ᠲᠡᠷᠢᠭᠦᠨ ᠳᠤ ︽ᠬᠦᠢᠲᠡᠨ ᠰᠡᠷᠢᠭᠦᠨ ᠠᠮᠢ ᠠᠬᠤᠶ︾ ᠭᠡᠬᠦ ᠤᠬᠠᠭᠳᠠᠬᠤᠨ ᠢ ᠳᠤᠷᠠᠳᠴᠤ᠂ ᠠᠩᠬᠠᠳᠠᠭᠴᠢ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠺᠠᠳᠧᠮᠢᠴᠢ ᠶᠢᠨ ᠠᠵᠢᠯ ᠤᠨ ᠥᠷᠲᠡᠭᠡ ᠶᠢ ᠪᠠᠶᠢᠭᠤᠯᠤᠭᠰᠠᠨ ᠪᠥᠭᠡᠳ ᠤᠯᠠᠭᠠᠨᠴᠠᠪ ᠬᠤᠲᠠ ᠳᠤ 22 ᠲᠦᠮᠡᠨ ᠮᠦ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠦᠶᠯᠡᠳᠪᠦᠷᠢᠯᠡᠯ ᠤᠨ ᠰᠠᠭᠤᠷᠢᠨ ᠢ ᠦᠳᠲᠡᠷ ᠲᠦᠷᠭᠡᠨ ᠬᠥᠭᠵᠢᠭᠦᠯᠵᠦ᠂ ᠦᠶᠯᠡᠳᠬᠦᠨ ᠤ ᠥᠷᠲᠡᠭ ᠢ 7 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠪᠡ᠃      ᠴᠧᠨ ᠱᠧᠨ ᠺᠤᠸᠠᠨ᠂ 40 ᠭᠠᠷᠤᠢ ᠵᠢᠯ ᠤᠨ ᠵᠢᠭᠠᠨ ᠰᠤᠷᠭᠠᠬᠤ ᠪᠠ ᠰᠢᠨᠵᠢᠯᠡᠬᠦ ᠤᠬᠠᠭᠠᠨ ᠰᠤᠳᠤᠯᠭᠠᠨ ᠤ ᠠᠵᠢᠯ ᠤᠨ ᠳᠤᠮᠳᠠ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠪᠡ᠃ ᠲᠡᠷᠡ ᠲᠠᠷᠢᠶᠠᠴᠢᠳ ᠤᠨ ᠲᠥᠯᠥᠭᠡ ᠰᠠᠨᠠᠭᠠᠰᠢᠷᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠳᠤ ᠦᠶᠯᠡᠴᠢᠯᠡᠬᠦ ᠶᠢ ᠴᠠᠭ ᠢᠮᠠᠭᠲᠠ ᠪᠤᠳᠤᠵᠤ᠂ ᠦᠷᠭᠦᠯᠵᠢ ᠪᠠᠶᠢᠴᠠᠭᠠᠨ ᠰᠤᠳᠤᠯᠤᠯᠲᠠ ᠶᠢᠨ ᠠᠵᠢᠯ ᠦᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ ᠲᠡᠮᠳᠡᠭᠯᠡᠯ ᠪᠢᠴᠢᠵᠦ᠂ ᠦᠶᠯᠡᠳᠦᠯᠭᠡ ᠶᠢᠨ ᠳᠤᠮᠳᠠ ᠪᠠᠨ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠮᠠᠯᠴᠢᠨ ᠲᠠᠷᠢᠶᠠᠴᠢᠨ ᠤ ᠪᠣᠳᠠᠲᠠᠶ ᠠᠰᠠᠭᠤᠳᠠᠯ ᠢ ᠰᠢᠶᠳᠪᠦᠷᠢᠯᠡᠵᠦ᠂ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠨ ᠤ ᠬᠦᠷᠢᠶᠡᠯᠡᠯ ᠢ ᠣᠯᠪᠠ᠃      ᠣᠶᠢᠯᠠᠭᠠᠭᠰᠠᠨ ᠢᠶᠠᠷ᠂ ᠣᠳᠣᠬᠠᠨ ᠳᠤ᠂ ᠮᠠᠨ ᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠲᠤᠭ᠎ᠠ ᠨᠢᠭᠡᠨᠲᠡ 4600 ᠭᠠᠷᠤᠶ ᠬᠥᠮᠦᠨ ᠪᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠯᠲᠡ ᠶᠢᠨ 400 ᠭᠠᠷᠤᠶ ᠲᠥᠷᠥᠯ ᠵᠦᠶᠯ ᠢ ᠬᠡᠷᠡᠭᠵᠢᠭᠦᠯᠵᠦ᠂ 1000 ᠭᠠᠷᠤᠶ ᠰᠢᠨ᠎ᠡ ᠮᠡᠷᠭᠡᠵᠢᠯ ᠢ ᠳᠡᠯᠭᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠨᠢ ᠨᠢᠭᠡᠨᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠠᠬᠢᠭᠤᠯᠬᠤ ᠨᠢᠭᠡᠨ ᠰᠠᠯᠠᠭ᠎ᠠ ᠠᠮᠢᠵᠢᠷᠠᠯ ᠤᠨ ᠬᠦᠴᠦᠨ ᠪᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号