ᠮᠣᠩᠭᠤᠯ ᠬᠡᠯᠡᠨ ᠤ ᠲᠡᠦᠬᠡᠨ ᠳᠠᠩᠰᠠ ᠡᠪᠬᠡᠮᠡᠯ ᠢ ᠭᠦᠨᠵᠡᠭᠡᠶ ᠨᠡᠭᠡᠭᠡᠨ ᠬᠥᠭᠵᠢᠭᠦᠯᠬᠦ ᠪᠠ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/10/31
     10 ᠳ᠋ᠤᠭᠠᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠮᠣᠩᠭᠤᠯ ᠬᠡᠯᠡᠨ ᠤ ᠲᠡᠦᠬᠡᠨ ᠳᠠᠩᠰᠠ ᠡᠪᠬᠡᠮᠡᠯ ᠢ ᠭᠦᠨᠵᠡᠭᠡᠶ ᠨᠡᠭᠡᠭᠡᠨ ᠬᠥᠭᠵᠢᠭᠦᠯᠬᠦ ᠪᠠ ᠰᠤᠳᠤᠯᠤᠨ ᠶᠠᠷᠢᠯᠴᠠᠬᠤ ᠬᠤᠷᠠᠯ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠣᠷᠳᠣᠨ ᠳᠤ ᠶᠠᠪᠤᠭᠳᠠᠪᠠ᠃ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠮᠣᠩᠭᠤᠯ ᠬᠡᠯᠡᠨ ᠤ ᠲᠡᠦᠬᠡᠨ ᠰᠤᠳᠤᠯᠤᠯ ᠤᠨ ᠲᠤᠰᠬᠠᠶ ᠮᠡᠷᠭᠡᠵᠢᠯᠲᠡᠨ ᠡᠷᠳᠡᠮᠲᠡᠨ᠂ ᠮᠣᠩᠭᠤᠯ ᠬᠡᠯᠡᠨ ᠤ ᠳᠠᠩᠰᠠ ᠡᠪᠬᠡᠮᠡᠯ ᠤᠨ ᠠᠵᠢᠯᠲᠠᠨ ᠵᠢᠴᠢ ᠬᠠᠮᠢᠶ᠎ᠠ ᠪᠦᠬᠦᠢ ᠠᠵᠢᠯᠲᠠᠨ ᠵᠡᠷᠭᠡ 30 ᠭᠠᠷᠤᠶ ᠬᠥᠮᠦᠨ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠡᠷᠳᠡᠮᠲᠡᠳ ᠮᠣᠩᠭᠤᠯ ᠬᠡᠯᠡ᠂ ᠮᠠᠨᠵᠤ ᠬᠡᠯᠡᠨ ᠤ ᠲᠡᠦᠬᠡᠨ ᠳᠠᠩᠰᠠ ᠡᠪᠬᠡᠮᠡᠯ ᠢ ᠬᠡᠷᠬᠢᠨ ᠨᠠᠩ ᠰᠠᠶᠢᠨ ᠨᠡᠭᠡᠭᠡᠨ ᠠᠰᠢᠭᠯᠠᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ᠂ ᠲᠡᠦᠬᠡᠨ ᠳᠠᠩᠰᠠ ᠡᠪᠬᠡᠮᠡᠯ ᠤᠨ ᠰᠤᠷᠪᠤᠯᠵᠢ ᠪᠢᠴᠢᠭ ᠢ ᠨᠡᠭᠡᠭᠡᠨ ᠠᠰᠢᠭᠯᠠᠭᠰᠠᠨ ᠠᠰᠢᠭᠲᠠᠢ ᠠᠷᠭ᠎ᠠ ᠬᠢᠳᠡᠯ ᠪᠣᠯᠤᠨ ᠡᠷᠬᠢᠮ ᠨᠠᠨᠳᠢᠨ ᠲᠤᠷᠰᠢᠯᠭ᠎ᠠ ᠪᠠᠨ ᠰᠣᠯᠢᠯᠴᠠᠵᠤ᠂ ᠭᠦᠨᠵᠡᠭᠡᠶ ᠰᠣᠯᠢᠯᠴᠠᠭ᠎ᠠ ᠪᠠᠷ ᠳᠠᠮᠵᠢᠨ᠂ ᠮᠣᠩᠭᠤᠯ ᠬᠡᠯᠡ᠂ ᠮᠠᠨᠵᠤ ᠬᠡᠯᠡᠨ ᠎ ᠤ ᠲᠡᠦᠬᠡᠨ ᠳᠠᠩᠰᠠ ᠡᠪᠬᠡᠮᠡᠯ ᠢ ᠨᠡᠭᠡᠭᠡᠨ ᠠᠰᠢᠭᠯᠠᠬᠤ ᠶᠢ ᠬᠠᠮᠲᠤᠪᠠᠷ ᠠᠬᠢᠭᠤᠯᠵᠤ᠂ ᠳᠠᠩᠰᠠ ᠡᠪᠬᠡᠮᠡᠯ ᠤᠨ ᠦᠢᠯᠡᠰ ᠎ ᠤᠨ ᠬᠥᠭᠵᠢᠯᠲᠡ ᠶᠢᠨ ᠢᠷᠡᠭᠡᠳᠦᠶ ᠶᠢ ᠬᠠᠮᠲᠤᠪᠠᠷ ᠪᠠᠷᠠᠯᠠᠪᠠ᠃      ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠲᠣᠪᠴᠢᠶ᠎ᠠ ︵ᠣᠷᠳᠣᠨ︶᠎ ᠶᠢᠨ ᠳᠠᠷᠤᠭ᠎ᠠ ᠵᠠᠩ ᠴᠧᠨ᠄ ︽ᠪᠢᠳᠡ ᠮᠣᠩᠭᠤᠯ ᠬᠡᠯᠡᠨ ᠤ ᠳᠠᠩᠰᠠ ᠡᠪᠬᠡᠮᠡᠯ ᠤᠨ ᠡᠬᠢ ᠪᠠᠶᠠᠯᠢᠭ ᠢ ᠭᠦᠶᠴᠡᠳ ᠠᠭᠤᠳᠠᠯᠤᠭᠰᠠᠨ ᠥᠬᠡᠶ ᠠᠰᠠᠭᠤᠳᠠᠯ ᠢ ᠭᠦᠨᠵᠡᠭᠡᠶ ᠪᠠᠶᠢᠴᠠᠭᠠᠨ ᠦᠵᠡᠵᠦ᠂ ᠮᠣᠩᠭᠤᠯ ᠬᠡᠯᠡᠨ ᠤ ᠳᠠᠩᠰᠠ ᠡᠪᠬᠡᠮᠡᠯ ᠢ ᠬᠠᠮᠠᠭᠠᠯᠠᠬᠤ᠂ ᠡᠮᠬᠢᠯᠡᠬᠦ ᠪᠠ ᠨᠡᠭᠡᠭᠡᠨ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠮᠣᠩᠭᠤᠯ ᠬᠡᠯᠡᠨ ᠤ ᠳᠠᠩᠰᠠ ᠡᠪᠬᠡᠮᠡᠯ ᠤᠨ ᠰᠠᠭᠤᠷᠢ ᠪᠦᠲᠦᠭᠡᠨ ᠪᠠᠶᠢᠭᠤᠯᠤᠯᠲᠠ᠂ ᠠᠮᠤᠷ ᠲᠦᠪᠰᠢᠨ ᠎ ᠢᠶᠠᠷ ᠬᠠᠳᠠᠭᠠᠯᠠᠨ ᠬᠠᠮᠢᠶᠠᠷᠬᠤ ᠪᠠ ᠨᠡᠭᠡᠭᠡᠨ ᠠᠰᠢᠭᠯᠠᠬᠤ ᠠᠵᠢᠯ ᠢ ᠲᠠᠰᠤᠷᠠᠯᠲᠠ ᠥᠬᠡᠶ ᠴᠢᠩᠭᠠᠳᠬᠠᠵᠤ᠂ ᠮᠣᠩᠭᠤᠯ ᠬᠡᠯᠡᠨ ᠤ ᠲᠡᠦᠬᠡᠨ ᠳᠠᠩᠰᠠ ᠡᠪᠬᠡᠮᠡᠯ ᠢ ᠰᠠᠶᠢᠲᠤᠷ ᠨᠠᠨᠳᠢᠩᠨᠠᠨ ᠬᠠᠮᠠᠭᠠᠯᠠᠵᠤ ᠰᠠᠶᠢᠲᠤᠷ ᠤᠯᠠᠮᠵᠢᠯᠠᠵᠤ᠂ ᠲᠡᠭᠦᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠦᠨᠳᠦᠰᠦᠲᠡᠨ ᠤ ᠰᠣᠶᠣᠯ ᠤᠨ ᠪᠠᠶᠢᠭᠤᠯᠤᠯᠲᠠ ᠳᠠᠬᠢ ᠥᠪᠡᠷᠮᠢᠴᠡ ᠦᠶᠯᠡᠳᠦᠯ ᠢ ᠨᠢ ᠪᠠᠳᠠᠷᠠᠭᠤᠯᠬᠤ ᠬᠡᠷᠡᠭᠲᠡᠶ︾ ᠭᠡᠪᠡ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠣᠷᠳᠣᠨ ᠨᠢ ᠲᠡᠦᠬᠡᠨ ᠳᠠᠩᠰᠠ ᠡᠪᠬᠡᠮᠡᠯ ᠢ ᠭᠦᠨᠵᠡᠭᠡᠶ ᠨᠡᠭᠡᠭᠡᠨ ᠬᠥᠭᠵᠢᠭᠦᠯᠬᠦ ᠪᠠ ᠰᠤᠳᠤᠯᠬᠤ ᠶᠢᠨ ᠲᠥᠯᠥᠭᠡ ᠴᠢᠷᠮᠠᠶᠢᠭᠰᠠᠭᠠᠷ ᠢᠷᠡᠭᠰᠡᠨ ᠪᠥᠭᠡᠳ ᠮᠣᠩᠭᠤᠯ ᠦᠨᠳᠦᠰᠦᠲᠡᠨ ᠤ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠵᠤ᠂ 1984 ᠣᠨ ᠳᠤ ᠮᠣᠩᠭᠤᠯ ᠬᠡᠯᠡᠨ ᠤ ᠳᠠᠩᠰᠠ ᠡᠪᠬᠡᠮᠡᠯ ᠤᠨ ᠬᠡᠯᠲᠡᠰ ᠢ ᠪᠠᠶᠢᠭᠤᠯᠵᠠᠶ᠃ ᠣᠳᠣᠬᠠᠨ ᠳᠤ᠂ ᠮᠣᠩᠭᠤᠯ ᠬᠡᠯᠡᠨ ᠤ ᠲᠡᠦᠬᠡᠨ ᠳᠠᠩᠰᠠ ᠡᠪᠬᠡᠮᠡᠯ 72000 ᠭᠠᠷᠤᠶ ᠪᠣᠳᠢ᠂ ᠮᠠᠨᠵᠤ ᠬᠡᠯᠡᠨ ᠤ ᠲᠡᠦᠬᠡᠨ ᠳᠠᠩᠰᠠ ᠡᠪᠬᠡᠮᠡᠯ 4 ᠪᠣᠳᠢ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号