ᠲᠦᠷᠦᠭᠦᠤ ᠭᠤᠷᠪᠠᠨ ᠤᠯᠠᠷᠢᠯ ᠳᠤ ᠮᠠᠨ ᠤ ᠣᠷᠣᠨ ᠤ ᠳᠤᠮᠳᠠᠴᠢ ᠠᠭᠠᠷ ᠤᠨ ᠳᠤᠯᠠᠭᠠᠨ ᠥᠩᠭᠡᠷᠡᠭᠰᠡᠨ ᠵᠢᠯ ᠤᠨ ᠬᠢ ᠠᠴᠠ ᠥᠨᠳᠥᠷ ᠪᠣᠯᠪᠠ
ᠨᠡᠶᠢᠲᠡᠯᠡᠭᠰᠡᠨ ᠴᠠᠭ᠄
2019/10/31
     ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠤᠨ ᠥᠪᠥᠷ ᠮᠣᠩᠭᠤᠯ ᠤᠨ ᠠᠭᠤᠷ ᠠᠮᠢᠰᠬᠤᠯ ᠤᠨ ᠥᠪᠡᠷᠮᠢᠴᠡ ᠣᠨᠴᠠᠯᠢᠭ ᠤᠨ ᠵᠠᠳᠠᠯᠤᠯᠲᠠ ᠵᠢᠴᠢ ᠡᠨᠡ ᠡᠪᠦᠯ ᠢᠷᠡᠬᠦ ᠬᠠᠪᠤᠷ ᠤᠨ ᠠᠭᠤᠷ ᠠᠮᠢᠰᠬᠤᠯ ᠤᠨ ᠬᠠᠨᠳᠤᠰᠢ ᠶᠢ ᠲᠥᠰᠦᠭᠡᠯᠡᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠲᠦᠷᠦᠭᠦᠤ ᠭᠤᠷᠪᠠᠨ ᠤᠯᠠᠷᠢᠯ ᠳᠤ᠂ ᠮᠠᠨ ᠤ ᠣᠷᠣᠨ ᠤ ᠳᠤᠮᠳᠠᠴᠢ ᠠᠭᠠᠷ ᠤᠨ ᠳᠤᠯᠠᠭᠠᠨ ᠥᠩᠭᠡᠷᠡᠭᠰᠡᠨ ᠵᠢᠯ ᠤᠨ ᠬᠢ ᠠᠴᠠ ᠥᠨᠳᠥᠷᠰᠢᠪᠡ᠃      ᠲᠦᠷᠦᠭᠦᠤ ᠭᠤᠷᠪᠠᠨ ᠤᠯᠠᠷᠢᠯ ᠳᠤ᠂ ᠮᠠᠨ ᠤ ᠣᠷᠣᠨ ᠤ ᠠᠭᠤᠷ ᠠᠮᠢᠰᠬᠤᠯ ᠳᠣᠤᠷᠠᠬᠢ ᠮᠡᠲᠦ ᠣᠨᠴᠠᠯᠢᠭ ᠲᠠᠢ᠄ ᠳᠤᠮᠳᠠᠴᠢ ᠠᠭᠠᠷ ᠤᠨ ᠳᠤᠯᠠᠭᠠᠨ 1961 ᠣᠨ ᠠᠴᠠ ᠨᠠᠰᠢᠬᠢ ᠳᠥᠷᠪᠡᠳᠡᠬᠢ ᠥᠨᠳᠥᠷ ᠪᠣᠯᠵᠤ᠂ ᠰᠢᠯᠢ ᠶᠢᠨ ᠭᠤᠤᠯ ᠠᠶᠢᠮᠠᠭ ᠵᠢᠴᠢ ᠲᠡᠭᠦᠨ ᠠᠴᠠ ᠵᠡᠭᠦᠨᠰᠢᠬᠢ ᠭᠠᠵᠠᠷ ᠣᠷᠣᠨ ᠤ ᠮᠡᠳᠡᠭᠳᠡᠮ᠎ᠡ ᠥᠨᠳᠥᠷᠰᠢᠪᠡ︔ ᠬᠤᠷ᠎ᠠ ᠲᠤᠨᠳᠠᠰᠤᠨ ᠤ ᠬᠡᠮᠵᠢᠶ᠎ᠡ ᠵᠡᠭᠦᠨ ᠬᠡᠰᠡᠭ ᠲᠤ ᠡᠯᠪᠡᠭ ᠪᠠᠷᠠᠭᠤᠨ ᠬᠡᠰᠡᠭ ᠲᠤ ᠴᠤᠬᠠᠭ ᠪᠣᠯᠵᠤ᠂ ᠪᠦᠬᠦ ᠣᠷᠣᠨ ᠤ ᠶᠡᠬᠡᠩᠬᠢ ᠭᠠᠵᠠᠷ ᠤᠨ ᠬᠤᠷ᠎ᠠ ᠲᠤᠨᠳᠠᠰᠤᠨ ᠤ ᠬᠡᠮᠵᠢᠶ᠎ᠡ ᠶᠡᠷᠦᠳᠡ ᠶᠢᠨ ᠵᠢᠯ ᠤᠨ ᠬᠢ ᠲᠠᠢ ᠣᠶᠢᠷᠠᠲᠤᠪᠠ︔ ᠶᠡᠭᠡ ᠬᠡᠪᠴᠢᠶᠡᠨ ᠤ ᠡᠯᠡᠰᠦᠨ ᠰᠢᠭᠤᠷᠭᠠᠨ ᠡᠭᠦᠰᠬᠦ ᠶᠠᠪᠤᠴᠠ ᠨᠢ ᠨᠡᠯᠢᠶᠡᠳ ᠣᠷᠣᠶᠢᠲᠠᠪᠠ︔ ᠦᠶᠡᠷ ᠤᠨ ᠬᠤᠭᠤᠴᠠᠭᠠᠨ ᠳᠤ ᠣᠷᠣᠭᠰᠠᠨ ᠤ ᠳᠠᠷᠠᠭ᠎ᠠ ᠭᠠᠩ ᠬᠠᠭᠰᠠᠷᠠᠭᠠᠨ ᠦᠳᠲᠡᠷ ᠲᠦᠷᠭᠡᠨ ᠬᠡᠴᠡᠭᠦᠳᠡᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ ᠭᠠᠩᠳᠠᠵᠤ ᠤᠰᠤᠲᠤᠪᠠ︔ ᠣᠨᠴᠠᠭᠠᠢ ᠴᠠᠭ ᠠᠭᠤᠷ ᠤᠨ ᠠᠭᠤᠷ ᠠᠮᠢᠰᠬᠤᠯ ᠤᠨ ᠬᠡᠷᠡᠭ ᠶᠠᠪᠤᠳᠠᠯ ᠨᠢᠳᠤᠨᠤᠨ ᠤ ᠬᠢ ᠠᠴᠠ ᠢᠯᠡᠳᠲᠡ ᠪᠠᠭᠠᠰᠪᠠ᠃      ᠡᠨᠡ ᠵᠢᠯ᠂ ᠮᠠᠨ ᠤ ᠣᠷᠣᠨ ᠤ ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠥᠨᠳᠥᠷ ᠦᠷ᠎ᠡ ᠪᠦᠲᠦᠮᠵᠢᠲᠡᠢ ᠥᠷᠨᠢᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠨᠡᠮᠡᠭᠳᠡᠭᠦᠯᠦᠨ᠂ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠤᠬᠠᠶᠢᠯᠠᠭᠰᠠᠨ ᠠᠵᠢᠯ ᠤᠨ ᠠᠵᠢᠯᠯᠠᠭᠠᠨ ᠢ ᠪᠡᠶᠡᠯᠡᠭᠦᠯᠵᠦ᠂ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ ᠴᠠᠭ ᠦᠶᠡᠴᠢ ᠴᠢᠨᠠᠷ ᠪᠠ ᠬᠠᠨᠳᠤᠯᠭᠠᠲᠤ ᠴᠢᠨᠠᠷ ᠢᠯᠡᠳᠲᠡ ᠳᠡᠭᠡᠭᠰᠢᠯᠡᠪᠡ᠃ ᠡᠭᠦᠨ ᠤ ᠬᠠᠮᠲᠤ᠂ ᠬᠥᠮᠦᠨ ᠤ ᠬᠦᠴᠦ ᠪᠠᠷ ᠴᠠᠭ ᠠᠭᠤᠷ ᠤᠨ ᠦᠷ᠎ᠡ ᠠᠰᠢᠭ ᠢ ᠨᠥᠯᠥᠭᠡᠯᠡᠬᠦ ᠨᠢ ᠦᠷᠭᠦᠯᠵᠢᠯᠡᠨ ᠳᠡᠭᠡᠭᠰᠢᠯᠡᠵᠦ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ᠠᠮᠢ ᠠᠬᠤᠶ ᠶᠢ ᠰᠡᠷᠭᠦᠭᠡᠬᠦ᠂ ᠣᠢ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ᠂ ᠴᠢᠬᠤᠯᠠ ᠶᠡᠭᠡ ᠠᠵᠢᠯᠯᠠᠭ᠎ᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠵᠠᠩᠭᠢᠯᠠᠭ᠎ᠠ ᠶᠢᠨ ᠦᠢᠯᠡᠳᠦᠯ ᠦᠵᠡᠭᠦᠯᠪᠡ᠃      ᠵᠢᠱᠢᠯᠲᠡ ᠶᠢ ᠦᠨᠳᠦᠰᠦᠯᠡᠪᠡᠯ᠂ ᠡᠨᠡ ᠡᠪᠦᠯ᠂ ᠮᠠᠨ ᠤ ᠣᠷᠣᠨ ᠤ ᠤᠯᠠᠭᠠᠨᠴᠠᠪ ᠬᠤᠲᠠ ᠶᠢᠨ ᠡᠮᠦᠨᠡᠲᠦ ᠬᠡᠰᠡᠭ᠂ ᠬᠥᠬᠡᠬᠤᠲᠠ ᠶᠢᠨ ᠳᠤᠮᠳᠠ ᠡᠮᠦᠨᠡᠲᠦ ᠬᠡᠰᠡᠭ᠂ ᠪᠤᠭᠤᠲᠤ ᠬᠤᠲᠠ ᠶᠢᠨ ᠡᠮᠦᠨᠡᠲᠦ ᠬᠡᠰᠡᠭ᠂ ᠣᠷᠳᠣᠰ ᠬᠤᠲᠠ ᠶᠢᠨ ᠶᠡᠬᠡᠩᠬᠢ ᠭᠠᠵᠠᠷ ᠤᠨ ᠲᠤᠨᠳᠠᠰᠤᠨ ᠤ ᠬᠡᠮᠵᠢᠶ᠎ᠡ ᠨᠢ 0᠎ ᠠᠴᠠ 2 ᠬᠤᠪᠢ ᠢᠯᠡᠭᠦᠤ ᠪᠠᠶᠢᠵᠤ᠂ ᠪᠤᠰᠤᠳ ᠭᠠᠵᠠᠷ ᠤᠨ ᠬᠢᠨ 0᠎ ᠠᠴᠠ 2 ᠬᠤᠪᠢ ᠳᠤᠲᠠᠭᠤ ᠪᠣᠯᠣᠨ᠎ᠠ︔ ᠬᠥᠯᠥᠨ ᠪᠦᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ᠤᠨ ᠵᠡᠭᠦᠨ ᠬᠡᠰᠡᠭ ᠤᠨ ᠳᠤᠮᠳᠠᠴᠢ ᠠᠭᠠᠷ ᠤᠨ ᠳᠤᠯᠠᠭᠠᠨ ᠨᠢ 1᠎ ᠠᠴᠠ 2 ℃ ᠥᠨᠳᠥᠷᠰᠢᠵᠦ᠂ ᠪᠤᠰᠤᠳ ᠭᠠᠵᠠᠷ ᠤᠨ ᠬᠢᠨ 0᠎ ᠠᠴᠠ 1 ℃ ᠥᠨᠳᠥᠷᠰᠢᠪᠡ᠃ 2020 ᠣᠨ ᠤ ᠬᠠᠪᠤᠷ ᠤᠨ ᠤᠯᠠᠷᠢᠯ ᠳᠤ᠂ ᠳᠤᠮᠳᠠ ᠪᠠᠷᠠᠭᠤᠨ ᠬᠡᠰᠡᠭ ᠤᠨ ᠡᠮᠦᠨ᠎ᠡ ᠪᠡᠶ᠎ᠡ ᠶᠢᠨ ᠭᠠᠵᠠᠷ ᠣᠷᠣᠨ ᠤ ᠲᠤᠨᠳᠠᠰᠤᠨ ᠤ ᠬᠡᠮᠵᠢᠶ᠎ᠡ ᠡᠯᠪᠡᠭ ᠪᠣᠯᠬᠤ ᠠᠴᠠ ᠭᠠᠳᠠᠨ᠎ᠠ᠂ ᠶᠡᠬᠡᠩᠬᠢ ᠭᠠᠵᠠᠷ ᠣᠷᠣᠨ ᠤ ᠲᠤᠨᠳᠠᠰᠤᠨ ᠤ ᠬᠡᠮᠵᠢᠶ᠎ᠡ ᠪᠠᠭᠠᠰᠴᠤ᠂ ᠠᠭᠠᠷ ᠤᠨ ᠳᠤᠯᠠᠭᠠᠨ ᠥᠨᠳᠥᠷ ᠪᠣᠯᠵᠤ᠂ ᠵᠡᠭᠦᠨ ᠬᠡᠰᠡᠭ ᠤᠨ ᠡᠮᠦᠨ᠎ᠡ ᠪᠡᠶ᠎ᠡ ᠶᠢᠨ ᠭᠠᠵᠠᠷ ᠣᠷᠣᠨ ᠢᠶᠠᠷ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠱᠠᠲᠤ ᠦᠶ᠎ᠡ ᠶᠢᠨ ᠴᠢᠨᠠᠷᠲᠠᠶ ᠪᠠᠷ ᠭᠠᠩᠳᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号