ᠲᠦᠷᠦᠭᠦᠬᠡᠨ᠂ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ ᠶᠢᠨ ᠢᠯᠢ | ᠪᠠᠯᠭᠠᠰᠤ ᠵᠡᠷᠭᠡ ᠪᠥᠬᠦ ᠣᠷᠣᠨ ᠤ 43 ᠰᠢᠶᠠᠩ ᠪᠠᠯᠭᠠᠰᠤ ᠵᠢᠴᠢ ᠣᠷᠴᠣᠨ ᠤ ᠥᠪᠡᠷᠲᠡᠭᠡᠨ ᠵᠠᠰᠠᠬᠤ ᠬᠤᠰᠢᠭᠤ | ᠵᠡᠷᠭᠡ ᠪᠥᠬᠦ ᠣᠷᠣᠨ ᠤ 22 ᠰᠢᠶᠠᠨ ᠤ ᠬᠤᠲᠠ 2017 — 2019 ᠣᠨ ᠤ ᠦᠶᠡᠯᠡᠯ ᠤᠨ ᠬᠤᠭᠤᠴᠠᠭᠠᠨ ᠤ | ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠪᠠ ᠰᠢᠶᠠᠨ ᠤ ᠬᠤᠲᠠ ᠪᠠᠷ ᠰᠤᠩᠭᠤᠭᠳᠠᠪᠠ᠃ | ᠣᠶᠢᠯᠠᠭᠠᠭᠰᠠᠨ ᠢᠶᠠᠷ᠂ 2017 ᠣᠨ ᠤ 6 ᠳ᠋ᠤᠭᠠᠷ ᠰᠠᠷ᠎ᠠ ᠠᠴᠠ 2019 ᠣᠨ ᠤ 9 ᠳ᠋ᠦ᠋ᠭᠡᠷ ᠰᠠᠷ᠎ᠠ | ᠪᠣᠯᠲᠠᠯ᠎ᠠ᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠶᠢᠨ ᠬᠢᠨᠠᠨ | ᠰᠢᠯᠭᠠᠷᠠᠭᠤᠯᠬᠤ ᠠᠵᠢᠯ ᠢ ᠳᠣᠷᠣᠭᠰᠢ ᠪᠠᠭᠤᠯᠭᠠᠬᠤ ᠶᠢ ᠰᠠᠶᠢᠲᠤᠷ ᠬᠢᠬᠦ ᠲᠤᠬᠠᠶ ᠪᠥᠬᠦ ᠤᠯᠤᠰ ᠤᠨ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ᠤᠨ | ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠵᠥᠪᠯᠡᠯ ᠨᠢ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠢᠭᠤᠯᠵᠤ 2017 — 2019 ᠣᠨ ᠤ | ᠦᠶᠡᠯᠡᠯ ᠤᠨ ᠬᠤᠭᠤᠴᠠᠭᠠᠨ ᠤ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠶᠢ | ᠰᠢᠨ᠎ᠡ ᠪᠠᠷ ᠭᠤᠶᠤᠴᠢᠯᠠᠨ ᠪᠠᠶᠢᠭᠤᠯᠤᠭᠰᠠᠨ ᠭᠠᠵᠠᠷ ᠣᠷᠣᠨ ᠤ ᠠᠵᠢᠯ ᠤᠨ ᠪᠠᠶᠢᠳᠠᠯ ᠳᠤ ᠳᠠᠯᠳᠠᠭᠤᠷ ᠰᠤᠷᠪᠤᠯᠵᠢᠯᠠᠬᠤ | ᠪᠠ ᠮᠡᠷᠭᠡᠵᠢᠯ ᠤᠨ ᠦᠨᠡᠯᠡᠯᠲᠡ ᠬᠢᠭᠰᠡᠨ ᠪᠥᠭᠡᠳ ᠡᠨᠡ ᠵᠢᠯ ᠤᠨ 9 ᠳ᠋ᠦ᠋ᠭᠡᠷ ᠰᠠᠷ᠎ᠠ ᠳᠤ ᠶᠡᠷᠦᠩᠬᠡᠶᠢᠯᠡᠭᠰᠡᠨ ᠬᠢᠨᠠᠨ | ᠰᠢᠯᠭᠠᠷᠠᠭᠤᠯᠬᠤ ᠠᠵᠢᠯ ᠢ ᠬᠢᠪᠡ᠃ | ᠬᠢᠨᠠᠨ ᠰᠢᠯᠭᠠᠷᠠᠭᠤᠯᠤᠯᠲᠠ ᠳᠤ᠂ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤ | ᠵᠡᠷᠭᠡ 22 ᠰᠢᠶᠠᠨ ᠤ ᠬᠤᠲᠠ ᠪᠣᠯᠤᠨ ᠢᠯᠢ ᠪᠠᠯᠭᠠᠰᠤ ᠵᠡᠷᠭᠡ 43 ᠰᠢᠶᠠᠩ ᠪᠠᠯᠭᠠᠰᠤ ᠣᠯᠠᠨ ᠵᠢᠯ ᠤᠨ ᠲᠤᠷᠰᠢ | ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠴᠥᠬᠦᠷᠡᠰᠢ ᠦᠭᠡᠢ ᠪᠠᠷ ᠥᠷᠨᠢᠭᠦᠯᠵᠦ᠂ ᠨᠡᠶᠢᠭᠡᠮ ᠤᠨ ᠬᠠᠮᠢᠶᠠᠷᠤᠯᠲᠠ ᠪᠠᠨ ᠴᠢᠩᠭᠠᠳᠬᠠᠨ ᠰᠢᠨ᠎ᠡ ᠶᠢ | ᠡᠭᠦᠳᠴᠦ᠂ ᠬᠤᠲᠠ ᠪᠠᠯᠭᠠᠰᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠳᠦᠷᠰᠦ ᠪᠠᠶᠢᠳᠠᠯ ᠢᠶᠠᠨ ᠰᠠᠶᠢᠵᠢᠷᠠᠭᠤᠯᠵᠤ᠂ ᠡᠷᠡᠭᠦᠯ ᠬᠠᠮᠠᠭᠠᠯᠠᠯ ᠡᠪᠡᠳᠴᠢᠨ ᠡᠮᠭᠡᠭ ᠢ ᠰᠡᠷᠭᠡᠶᠢᠯᠡᠬᠦ ᠠᠵᠢᠯ ᠢᠶᠠᠨ | ᠴᠢᠩᠭᠠᠳᠬᠠᠵᠤ᠂ ᠠᠷᠠᠳ ᠣᠯᠠᠨ ᠤ ᠪᠣᠯᠪᠠᠰᠤᠨ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠵᠦ᠂ ᠪᠦᠬᠦᠯᠢ | ᠴᠣᠭᠴᠠ ᠶᠢᠨ ᠡᠷᠡᠭᠦᠯ ᠬᠠᠮᠠᠭᠠᠯᠠᠯ ᠤᠨ ᠲᠦᠪᠰᠢᠨ ᠨᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ | ᠰᠢᠶᠠᠨ ᠤ ᠬᠤᠲᠠ︶ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠠᠶᠢᠨ᠎ᠠ᠃ | |