︽ᠠᠭᠤᠤ ᠶᠡᠭᠡ ᠡᠬᠡ ᠤᠯᠤᠰ ᠲᠠᠭᠠᠨ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ︾ — ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠪᠤᠭᠤᠳᠤ ᠬᠤᠳᠠ ᠳᠤ ᠴᠢᠩᠭ᠎ᠠ ᠳᠤᠰᠬᠠᠯ ᠭᠠᠷᠪᠠ
ᠨᠡᠶᠢᠲᠡᠯᠡᠭᠰᠡᠨ ᠴᠠᠭ᠄
2019/10/8
     10 ᠰᠠᠷ᠎ᠠ ᠶᠢᠨ 1᠎ ᠤ ᠡᠳᠤᠷ᠂ ᠪᠤᠭᠤᠲᠤ ᠬᠤᠳᠠ ᠶᠢᠨ ᠺᠠᠳ᠋ᠷ ᠤᠯᠠᠨ ᠲᠦᠮᠡᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠦᠪᠡᠳᠡᠭᠰᠢ ᠶᠡᠭᠡ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠪᠤᠯᠤᠨ ᠤᠯᠠᠨ ᠲᠦᠮᠡᠨ ᠤ ᠵᠢᠬᠰᠠᠭᠠᠯ ᠢ ᠬᠦᠯᠢᠶᠡᠨ ᠠᠪᠴᠦ ᠦᠵᠡᠨ᠂ ᠦᠪᠡᠷ ᠤᠨ ᠭᠠᠷ ᠢᠶᠠᠷ ᠢᠶᠠᠨ ᠦᠢᠯᠡᠳᠪᠦᠷᠢᠯᠡᠭᠰᠡᠨ ᠴᠡᠷᠢᠭ ᠤᠨ ᠵᠡᠪᠰᠡᠭ ᠲᠤᠨᠤᠬᠯᠠᠯ ᠨᠢ ᠡᠬᠡ ᠤᠯᠤᠰ ᠲᠠᠭᠠᠨ ᠰᠦᠷ ᠬᠦᠴᠦᠨ ᠨᠡᠮᠡᠷᠢᠯᠡᠵᠦ ᠪᠠᠶᠢᠬᠤ ᠳᠤ ᠬᠦᠭᠰᠡᠨ ᠪᠠᠶᠠᠷᠯᠠᠵᠤ ᠤᠮᠤᠬᠰᠢᠨ ᠵᠤᠷᠢᠬᠵᠢᠵᠦ᠂ ᠡᠬᠡ ᠤᠯᠤᠰ ᠤᠨ ᠢᠶᠠᠨ ᠬᠤᠶᠢᠰᠢᠳᠡ ᠶᠢᠨ ᠬᠦᠭᠵᠢᠯᠳᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠡᠭᠡᠨ᠎ᠡ᠃      10 ᠰᠠᠷ᠎ᠠ ᠶᠢᠨ 1᠎ ᠤ ᠦᠳᠡ ᠶᠢᠨ ᠡᠮᠦᠨ᠎ᠡ᠂ ᠰᠢᠨ᠎ᠠ ᠲᠤᠮᠳᠠᠳᠤ ᠤᠯᠤᠰ ᠤᠨ ᠠᠩᠬᠠᠨ ᠤ ᠲᠠᠩᠺ ᠢ ᠦᠢᠯᠡᠳᠪᠦᠷᠢᠯᠡᠭᠰᠡᠨ ᠦᠪᠦᠷ ᠮᠤᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ 50 ᠭᠠᠷᠤᠢ ᠦᠨᠳᠤᠰᠤᠨ ᠱᠠᠳᠤᠨ ᠤ ᠪᠠᠶᠢᠭᠤᠯᠭ᠎ᠠ ᠶᠢᠨ ᠠᠵᠢᠯᠳᠠᠳ ᠪᠠᠶᠢᠭᠤᠯᠭ᠎ᠠ ᠳᠠᠭᠠᠨ ᠢᠷᠡᠵᠦ᠂ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠢ ᠬᠠᠮᠳᠤ ᠪᠠᠷ ᠬᠦᠯᠢᠶᠡᠨ ᠰᠤᠨᠢᠷᠬᠠᠬᠰᠠᠨ ᠪᠠᠶᠢᠨ᠎ᠠ᠃ ᠪᠦᠬᠦ ᠤᠯᠤᠰ ᠤᠨ ᠠᠷᠠᠳ ᠲᠦᠮᠡᠨ ᠤ ᠰᠡᠳᠬᠢᠯ ᠢ ᠬᠦᠪᠦᠯᠵᠡᠭᠦᠯᠦᠭᠰᠡᠨ ᠤᠯᠠᠨ ᠪᠠᠶᠢᠯᠳᠤᠭᠠᠨ ᠤ ᠵᠡᠪᠰᠡᠭ ᠲᠤᠨᠤᠬᠯᠠᠯ ᠲᠢᠶᠠᠨ ᠠᠨ ᠮᠧᠨ ᠠᠭᠤᠳᠠᠮ ᠲᠠᠯᠠᠪᠠᠢ ᠪᠠᠷ ᠰᠦᠷ ᠲᠠᠯᠠᠶᠢᠴᠡᠳᠠᠢ ᠦᠩᠬᠡᠷᠡᠬᠦ ᠦᠶᠡᠰ᠂ ᠡᠳᠡᠭᠡᠷ ᠮᠠᠨ ᠤ ᠤᠯᠤᠰ ᠤᠨ ᠴᠡᠷᠢᠭ ᠤᠨ ᠵᠡᠪᠰᠡᠭ ᠲᠤᠨᠤᠬᠯᠠᠯ ᠤᠨ ᠠᠵᠤ ᠦᠢᠯᠡᠳᠪᠦᠷᠢ ᠶᠢᠨ ᠠᠵᠢᠯᠳᠡᠳ ᠡᠷᠭᠡ ᠦᠭᠡᠢ ᠰᠡᠳᠬᠢᠯ ᠲᠤᠬᠳᠤᠯᠤᠨ᠎ᠠ᠃ ᠲᠤᠰ ᠪᠦᠯᠦᠭᠯᠡᠯ ᠤᠨ ᠴᠡᠷᠢᠭ ᠤᠨ ᠵᠠᠷ ᠵᠡᠪᠰᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠤᠭᠠᠶᠢᠯᠠᠬᠴᠢ ᠬᠦᠸᠧ ᡁᠢ ᠫᠢᠩ᠄ ︽ᠡᠨᠡ ᠡᠲᠤᠷ ᠪᠤᠯ ᠪᠦᠬᠦ ᠤᠯᠤᠰ ᠤᠨ ᠠᠷᠠᠳ ᠲᠦᠮᠡᠨ ᠤ ᠪᠠᠶᠠᠷ ᠤᠨ ᠡᠳᠦᠷ᠂ ᠮᠦᠨ ᠴᠦ ᠮᠠᠨ ᠤ ᠴᠡᠷᠢᠭ ᠤᠨ ᠵᠠᠷ ᠵᠡᠪᠰᠡᠭ ᠰᠤᠳᠤᠯᠵᠤ ᠦᠢᠯᠡᠳᠪᠦᠷᠢᠯᠡᠭᠴᠢᠳ ᠤᠨ ᠪᠠᠶᠠᠷ ᠤᠨ ᠡᠳᠦᠷ᠂ ᠮᠠᠨ ᠤ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠠᠵᠢᠯᠳᠠᠳ ᠤᠨ ᠪᠠᠶᠠᠷ ᠤᠨ ᠡᠳᠦᠷ ᠮᠦᠨ᠃ ᠰᠠᠶ᠋ᠢᠬᠠᠨ 99A ᠲᠠᠩᠺ᠂ ᠬᠦᠩᠬᠡᠨ ᠲᠠᠩᠺ᠂ 8x8 ᠵᠠᠪᠳᠤᠨ ᠵᠠᠰᠠᠬᠤ ᠬᠦᠷᠳᠤᠳᠤ ᠲᠡᠷᠭᠡ᠂ ᠷᠠᠳᠢᠣ᠋ ᠠᠭᠤᠯᠵᠠᠭᠤᠷ ᠤᠨ ᠬᠦᠷᠳᠤᠳᠤ ᠲᠡᠷᠭᠡ ᠵᠡᠷᠭᠡ ᠮᠠᠨ ᠤ ᠪᠦᠯᠦᠭᠯᠡᠯ ᠤᠨ ᠦᠢᠯᠡᠳᠪᠦᠷᠢᠯᠡᠭᠰᠡᠨ 4 ᠴᠡᠷᠢᠭ ᠤᠨ ᠵᠡᠪᠰᠡᠭ ᠲᠤᠨᠤᠬᠯᠠᠯ ᠵᠢᠬᠰᠠᠭᠠᠯ ᠢᠶᠠᠷ ᠦᠩᠬᠡᠷᠡᠯ᠎ᠠ᠂ ᠡᠭᠦᠨ ᠳᠤ ᠬᠦᠩᠬᠡᠨ ᠲᠠᠩᠺ ᠪᠤᠯ ᠬᠠᠮᠤᠭ ᠤᠨ ᠠᠩᠬ᠎ᠠ ᠵᠢᠬᠰᠠᠭᠠᠯ ᠳᠤ ᠶᠠᠪᠤᠵᠦ ᠤᠯᠠᠨ ᠨᠡᠶᠢᠳᠡ ᠶᠢᠨ ᠡᠮᠦᠨ᠎ᠠ ᠢᠯᠠᠷᠠᠵᠦ ᠪᠠᠶᠢᠭ᠎ᠠ ᠲᠠᠩᠺ ᠪᠤᠯᠤᠨ᠎ᠠ᠂ ᠡᠨᠡ ᠬᠦ ᠰᠢᠨ᠎ᠠ ᠵᠡᠪᠰᠡᠭ ᠲᠤᠨᠤᠬᠯᠠᠯ ᠨᠢ ᠮᠠᠨ ᠤ ᠤᠯᠤᠰ ᠤᠨ 30 ᠲᠤᠨ ᠤ ᠲᠡᠰ ᠤᠨ ᠲᠠᠩᠺ ᠤᠨ ᠬᠤᠭᠤᠰᠤᠨ ᠢ ᠨᠦᠬᠦᠪᠦᠷᠢᠯᠡᠭᠰᠡᠨ ᠪᠠᠶᠢᠨ᠎ᠠ︾ ᠭᠡᠵᠤ ᠤᠮᠤᠭᠰᠢᠯ ᠲᠠᠢ ᠶᠠᠷᠢᠨ᠎ᠠ᠃ ᠡᠨᠡ ᠬᠦ ᠬᠦᠩᠬᠡᠨ ᠲᠠᠩᠺ ᠶᠢ ᠰᠤᠳᠤᠯᠤᠨ ᠦᠢᠯᠡᠳᠬᠦ ᠳᠤ ᠬᠦᠸᠧ ᡁᠢ ᠫᠢᠩ ᠲᠡᠳᠡᠨᠤᠰ 2008 ᠣᠨ ᠠᠴᠠ ᠡᠬᠢᠯᠡᠨ ᠨᠡᠶᠢᠳᠡ 11 ᠵᠢᠯ ᠤᠨ ᠴᠠᠭ ᠬᠡᠷᠡᠭᠰᠡᠭᠰᠡᠨ ᠵᠠᠩᠬᠢᠯᠠᠭ᠎ᠠ ᠶᠢᠨ ᠮᠡᠷᠭᠡᠵᠢᠯ ᠤᠨ ᠰᠢᠪᠳᠤᠯᠤᠯᠳᠠ ᠵᠡᠷᠭᠡ ᠬᠦᠴᠢᠷ ᠪᠡᠷᠭᠡᠰᠢᠶᠡᠯ ᠢ ᠲᠤᠭᠤᠯᠵᠦ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢᠨ ᠪᠠᠶᠠᠷ ᠪᠤᠯᠤᠨ ᠤᠯᠤᠰ ᠤᠨ ᠪᠠᠳᠤᠯᠠᠨ ᠬᠠᠮᠠᠭᠠᠯᠠᠯᠳᠠ᠂ ᠲᠡᠯᠡᠭᠡᠢ ᠶᠢᠨ ᠡᠩᠬᠡ ᠲᠠᠶᠢᠪᠤᠩ ᠤᠨ ᠦᠢᠯᠡᠰ ᠲᠤ ᠦᠪᠦᠷ ᠮᠤᠩᠭᠤᠯ ᠤᠨ ᠬᠤᠪᠢ ᠨᠡᠮᠡᠷᠢ ᠶᠢ ᠦᠵᠡᠭᠦᠯᠦᠭᠰᠡᠨ ᠪᠠᠶᠢᠨ᠎ᠠ᠃      ᠦᠪᠦᠷ ᠮᠤᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠠᠵᠢᠯᠳᠠᠳ ᠲᠠᠢ ᠠᠳᠠᠯᠢᠬᠠᠨ᠂ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠤᠨ ᠦᠪᠡᠳᠡᠭᠰᠢ ᠪᠠᠶᠢᠳᠠᠯ ᠳᠤ ᠬᠦᠭᠰᠡᠨ ᠵᠤᠷᠢᠬᠵᠢᠵᠦ ᠪᠠᠶᠢᠭ᠎ᠠ ᠪᠠᠰᠠ ᠨᠢᠭᠡ ᠠᠵᠤ ᠠᠬᠤᠶᠢᠯᠠᠯ ᠤᠨ ᠠᠵᠢᠯᠳᠠᠳ ᠪᠤᠯ ᠦᠪᠦᠷ ᠮᠤᠩᠭᠤᠯ ᠤᠨ ᠤᠮᠠᠷᠠᠳᠤ ᠶᠢᠨ ᠬᠦᠨᠳᠤ ᠠᠵᠤ ᠦᠢᠯᠡᠳᠪᠦᠷᠢ ᠶᠢᠨ ᠪᠦᠯᠦᠭᠯᠡᠯ ᠤᠨ ᠠᠵᠢᠯᠳᠠᠳ ᠪᠤᠯᠤᠨ᠎ᠠ᠃ ᠲᠤᠰ ᠪᠦᠯᠦᠭᠯᠡᠯ ᠤᠨ ᠬᠠᠮᠠᠭᠠᠯᠠᠯᠳᠠ ᠶᠢᠨ ᠶᠠᠪᠤᠳᠠᠯ ᠤᠨ ᠦᠢᠯᠡᠰ ᠤᠨ ᠬᠡᠯᠳᠡᠰ ᠤᠨ ᠠᠵᠢᠯᠳᠠᠨ ᠯᠢ ᠰᠢᠶᠤᠤ ᠵᠢᠶᠧ᠄ ︽ᠦᠪᠡᠷ ᠤᠨ ᠦᠢᠯᠡᠳᠪᠦᠷᠢᠯᠡᠭᠰᠡᠨ ᠴᠡᠷᠢᠭ ᠤᠨ ᠵᠡᠪᠰᠡᠭ ᠲᠤᠨᠤᠬᠯᠠᠯ ᠲᠢᠶᠠᠨ ᠠᠨ ᠮᠧᠨ ᠠᠭᠤᠳᠠᠮ ᠲᠠᠯᠠᠪᠡᠢ ᠪᠠᠷ ᠦᠩᠬᠡᠷᠡᠬᠦ ᠶᠢ ᠬᠠᠷᠠᠭᠠᠳ ᠲᠤᠶᠢᠯ ᠢᠶᠠᠷ ᠬᠦᠭᠰᠡᠨ ᠵᠤᠷᠢᠬᠵᠢᠯ᠎ᠠ᠂ ᠡᠬᠡ ᠤᠯᠤᠰ ᠬᠦᠴᠦᠷᠬᠡᠭᠵᠢᠨ ᠮᠠᠨᠳᠤᠵᠦ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠴᠦᠨ ᠪᠤᠵᠠᠭᠠᠶᠢᠷᠠᠨ᠂ ᠠᠷᠠᠳ ᠤᠯᠠᠨ ᠠᠵᠠ ᠵᠢᠷᠭᠠᠯᠳᠠᠢ ᠠᠵᠤ ᠲᠦᠷᠦᠨ ᠪᠠᠶᠢᠭ᠎ᠠ ᠨᠢ ᠰᠢᠨ᠎ᠠ ᠴᠠᠭ ᠦᠶ᠎ᠠ ᠶᠢᠨ ᠠᠪᠤᠷᠭᠤ ᠶᠡᠭᠡ ᠲᠠᠶᠢᠴᠢᠯᠠᠬᠤ ᠬᠦᠴᠦᠨ ᠤ ᠦᠢᠯᠡᠳᠤᠯ ᠮᠦᠷᠳᠡᠭᠡᠨ ᠬᠠᠷᠠᠯᠳᠠ ᠬᠦᠰᠡᠯ ᠤᠨ ᠪᠡᠶᠡᠯᠡᠯ ᠪᠤᠯᠤᠨ᠎ᠠ᠃ ᠨᠢᠭᠡᠨ ᠴᠡᠷᠢᠭ ᠎ ᠤᠨ ᠵᠠᠷ ᠵᠡᠪᠰᠡᠭ ᠤᠨ ᠠᠵᠤ ᠦᠢᠯᠡᠳᠪᠦᠷᠢ ᠶᠢᠨ ᠠᠵᠢᠯᠳᠠᠨ ᠪᠤᠯᠤᠬᠰᠠᠨ ᠳᠠᠭᠠᠨ ᠤᠮᠤᠬᠰᠢᠨ᠎ᠠ᠂ ᠬᠤᠶᠢᠰᠢᠳᠡ ᠤᠭ ᠰᠠᠨᠠᠭ᠎ᠠ ᠪᠠᠨ ᠦᠯᠦ ᠮᠠᠷᠳᠠᠵᠤ᠂ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠬᠦᠯᠬᠦ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠠᠷ ᠴᠢᠷᠮᠡᠶᠢᠨ᠎ᠠ︾ ᠭᠡᠨ᠎ᠡ᠃      ᠪᠤᠭᠤᠲᠤ ᠶᠢᠨ ᠪᠤᠯᠤᠳ ᠲᠡᠮᠦᠷ ᠤᠨ ᠪᠦᠯᠥᠭᠯᠡᠯ ᠤᠨ ᠰᠢᠷᠠᠮᠤ ᠬᠠᠶᠢᠯᠤᠭᠤᠯᠬᠤ ᠦᠢᠯᠡᠳᠪᠦᠷᠢ ᠶᠢᠨ 40 ᠭᠠᠷᠤᠢ ᠺᠠᠳ᠋ᠷ ᠠᠵᠢᠯᠳᠠᠨ 10 ᠰᠠᠷ᠎ᠠ ᠶᠢᠨ 1᠎ ᠤ ᠡᠳᠦᠷ ᠮᠦᠨ ᠦᠪᠡᠷ ᠤᠨ ᠦᠢᠯᠡᠳᠪᠦᠷᠢ ᠳᠡᠭᠡᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠤᠨ ᠠᠬᠤᠢ ᠨᠡᠪᠳᠡᠷᠡᠭᠦᠯᠭᠡ ᠶᠢ ᠬᠦᠯᠢᠶᠡᠨ ᠠᠪᠴᠦ ᠦᠵᠡᠭᠰᠡᠨ ᠪᠠᠶᠢᠨ᠎ᠠ᠃ 60 ᠵᠢᠯ ᠤᠨ ᠡᠮᠦᠨ᠎ᠠ᠂ ᠶᠡᠷᠦᠩᠬᠡᠢ ᠰᠠᠶᠢᠳ ᠵᠧᠤ ᠡᠧᠨ ᠯᠠᠢ ᠶᠢᠨ ᠲᠤᠤᠵᠠ ᠬᠠᠶᠢᠴᠢᠯᠠᠵᠦ ᠦᠭᠭᠦᠭᠰᠡᠨ ᠲᠠᠷᠬᠠᠨ ᠵᠤᠤᠬ᠎ᠠ ᠪᠤᠯᠬᠤ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠨᠢᠭᠡᠳᠦᠭᠡᠷ ᠰᠢᠷᠠᠮᠦ ᠬᠠᠶᠢᠯᠤᠭᠤᠯᠬᠤ ᠵᠤᠤᠬ᠎ᠠ ᠶᠢᠨ ᠦᠢᠯᠡᠳᠪᠦᠷᠢᠯᠡᠯ ᠢ ᠬᠠᠷᠢᠭᠤᠴᠠᠵᠦ ᠪᠠᠶᠢᠬᠤ ᠲᠤᠰ ᠦᠢᠯᠡᠳᠪᠦᠷᠢ ᠶᠢᠨ ᠬᠢᠨ ᠮᠦᠨ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠤᠨ ᠦᠪᠡᠳᠡᠭᠰᠢ ᠪᠠᠶᠢᠳᠠᠯ ᠳᠤ ᠲᠤᠶᠢᠯ ᠢᠶᠠᠷ ᠬᠦᠭᠰᠡᠨ ᠵᠤᠷᠢᠬᠵᠢᠵᠦ ᠪᠠᠶᠢᠯ᠎ᠠ᠃ ᠲᠤᠰ ᠦᠢᠯᠡᠳᠪᠦᠷᠢ ᠶᠢᠨ ᠰᠢᠷᠠᠮᠤ ᠬᠠᠶᠢᠯᠤᠭᠤᠯᠬᠤ ᠨᠢᠭᠡᠳᠦᠭᠡᠷ ᠬᠡᠯᠳᠡᠰ ᠤᠨ ᠨᠠᠮ ᠤᠨ ᠡᠭᠦᠷ ᠤᠨ ᠱᠦᠵᠢ ᠵᠠᠩ ᡁᠢ ᠪᠢᠨ᠄ ︽ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠨᠢ ᠮᠠᠨᠤᠰ ᠲᠤ 60 ᠵᠢᠯ ᠤᠨ ᠡᠮᠦᠨᠡᠬᠢ ᠶᠡᠷᠦᠩᠬᠡᠢ ᠰᠠᠶᠢᠳ ᠵᠧᠤ ᠡᠧᠨ ᠯᠠᠢ ᠮᠠᠨ ᠤ ᠪᠤᠭᠤᠲᠤ ᠶᠢᠨ ᠪᠤᠯᠤᠳ ᠲᠡᠮᠦᠷ ᠤᠨ ᠪᠦᠯᠦᠭᠯᠡᠯ ᠤᠨ ᠨᠢᠭᠡᠳᠦᠭᠡᠷ ᠰᠢᠷᠠᠮᠦ ᠬᠠᠶᠢᠯᠤᠭᠤᠯᠬᠤ ᠵᠤᠤᠬ᠎ᠠ ᠳᠤ ᠲᠤᠤᠵᠠ ᠬᠠᠶᠢᠴᠢᠯᠠᠵᠦ ᠦᠭᠭᠦᠭᠰᠡᠨ ᠰᠡᠳᠬᠢᠯ ᠬᠦᠳᠡᠯᠬᠡᠮ᠎ᠠ ᠪᠠᠶᠢᠳᠠᠯ ᠢ ᠡᠷᠭᠡ ᠦᠭᠡᠢ ᠰᠠᠨᠠᠬᠳᠠᠭᠤᠯᠬᠤ ᠶᠤᠮ᠃ ᠡᠬᠡ ᠤᠯᠤᠰ ᠮᠠᠨᠢ ᠪᠤᠯᠤᠳ ᠤᠨ ᠦᠢᠯᠡᠳᠪᠦᠷᠢ ᠶᠢ ᠠᠩᠬ᠎ᠠ ᠪᠠᠶᠢᠭᠤᠯᠤᠬᠰᠠᠨ ᠴᠠᠭ ᠦᠶ᠎ᠠ ᠠᠴᠠ ᠡᠬᠢᠯᠡᠨ ᠠᠯᠬᠤᠮ ᠠᠯᠬᠤᠮ ᠢᠶᠠᠷ ᠬᠦᠭᠵᠢᠨ ᠪᠤᠵᠠᠭᠠᠶᠢᠷᠠᠵᠦ ᠦᠨᠦᠳᠤᠷ ᠲᠤ ᠬᠦᠷᠴᠦ ᠢᠷᠠᠵᠠᠢ᠃ ᠬᠤᠶᠢᠰᠢᠳᠡ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠨᠢᠭᠡᠪᠦᠷᠢ ᠶᠢ ᠰᠡᠳᠬᠢᠯ ᠳᠡᠭᠡᠨ ᠰᠡᠶᠢᠯᠤᠨ᠂ ᠲᠠᠷᠬᠠᠨ ᠵᠤᠤᠬ᠎ᠠ ᠪᠠᠨ ᠨᠡᠩ ᠰᠠᠶᠢᠨ ᠢᠶᠠᠷ ᠬᠢᠮᠠᠭᠠᠳᠠᠨ ᠬᠠᠮᠠᠭᠠᠯᠠᠵᠦ᠂ ᠡᠬᠡ ᠤᠯᠤᠰ ᠲᠠᠭᠠᠨ ᠨᠡᠩ ᠤᠯᠠᠨ ᠰᠢᠯᠢᠳᠡᠭ ᠰᠢᠷᠡᠮᠦ ᠬᠠᠶᠢᠯᠤᠭᠤᠯᠤᠨ ᠦᠭᠴᠦ᠂ ᠲᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠭᠦᠨ ᠮᠠᠨᠳᠤᠯᠳᠠ ᠳᠤ ᠨᠡᠩ ᠶᠡᠭᠡ ᠬᠦᠴᠦᠨ ᠴᠢᠳᠠᠯ ᠦᠵᠡᠭᠦᠯᠬᠦ ᠪᠠᠷ ᠴᠢᠷᠮᠠᠶᠢᠨ᠎ᠠ︾ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号