ᠡᠬᠡ ᠤᠯᠤᠰ ᠤᠨ ᠢᠶᠠᠨ ᠬᠥᠴᠥᠷᠬᠡᠭᠵᠢᠯ ᠮᠠᠨᠳᠤᠯ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠬᠦᠨ᠎ᠠ — ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠲᠥᠩᠯᠢᠶᠤᠤ ᠬᠤᠲᠠ ᠳᠤ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2019/10/8
     10 ᠰᠠᠷ᠎ᠠ ᠶᠢᠨ 1᠎ ᠤ ᠡᠳᠥᠷ᠂ ᠨᠡᠶᠢᠰᠯᠡᠯ ᠪᠡᠭᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠢ ᠳᠤ ᠶᠠᠪᠤᠬᠳᠠᠬᠰᠠᠨ ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ᠂ ᠴᠡᠷᠢᠭ ᠤᠨ ᠵᠢᠬᠰᠠᠭᠠᠯ ᠰᠢᠯᠭᠠᠨ ᠥᠵᠡᠭᠦ ᠶᠤᠰᠤᠯᠠᠯ᠂ ᠤᠯᠠᠨ ᠲᠥᠮᠡᠨ ᠤ ᠵᠢᠬᠰᠠᠭᠠᠯ ᠨᠢ ᠲᠥᠩᠯᠢᠶᠤᠤ ᠶᠢᠨ ᠠᠷᠠᠳ ᠲᠥᠮᠡᠨ ᠤ ᠳᠤᠮᠳᠠ ᠴᠢᠩᠭ᠎ᠠ ᠲᠤᠰᠬᠠᠯ ᠭᠠᠷᠴᠥ᠂ ᠡᠬᠡ ᠤᠯᠤᠰ ᠤᠨ ᠢᠶᠠᠨ ᠬᠥᠭᠵᠢᠯᠳᠠ ᠬᠤᠪᠢᠷᠠᠯᠲᠠ ᠳᠤ ᠤᠮᠤᠬᠰᠢᠨ ᠵᠤᠷᠢᠬᠵᠢᠵᠤ᠂ ᠡᠬᠡ ᠤᠯᠤᠰ ᠤᠨ ᠢᠶᠠᠨ ᠬᠥᠴᠥᠷᠬᠡᠭᠵᠢᠯ ᠮᠠᠨᠳᠤᠯ ᠳᠤ ᠤᠶᠤᠨ ᠤᠬᠠᠭᠠᠨ ᠬᠦᠴᠤᠨ ᠴᠢᠳᠠᠯ ᠢᠶᠠᠨ ᠡᠷᠬᠦᠨ᠎ᠠ ᠭᠡᠵᠤ ᠢᠳᠡᠭᠡᠯ ᠵᠤᠷᠢᠭ ᠢᠶᠠᠨ ᠬᠦᠪᠴᠢᠯᠡᠵᠡᠭᠡᠯ᠎ᠠ᠃      10 ᠰᠠᠷ᠎ᠠ ᠶᠢᠨ 1᠎ ᠤ ᠥᠳᠡ ᠶᠢᠨ ᠡᠮᠥᠨ᠎ᠡ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠠᠶᠠᠨᠳᠠᠯ᠎ᠠ ᠪᠠᠯᠭᠠᠰᠤᠨ ᠤ ᠪᠤᠭᠤᠷᠤᠯᠳᠠᠢ ᠭᠠᠴᠠᠭ᠎ᠠ ᠶᠢᠨ ᠲᠠᠪᠢ ᠶᠢᠨ ᠲᠠᠪᠠᠭ᠎ᠠ ᠶᠢ ᠲᠠᠪᠠᠭᠰᠠᠨ ᠲᠠᠷᠢᠶᠠᠴᠢᠨ ᠮᠧᠩ ᠴᠢᠩ ᠼᠠᠢ ᠮᠠᠯ ᠬᠠᠷᠢᠭᠤᠯᠬᠤ ᠪᠠᠷ ᠭᠠᠷᠤᠬᠰᠠᠨ ᠴᠥ ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠰᠢᠭᠤᠳ ᠨᠡᠪᠳᠡᠷᠡᠭᠦᠯᠭᠡ ᠨᠢ ᠳᠡᠭᠦᠨ ᠤ ᠰᠡᠳᠬᠢᠯ ᠳᠤ ᠤᠶᠠᠬᠳᠠᠵᠤ᠂ ᠭᠠᠷ ᠤᠳᠠᠰᠤ ᠪᠠᠷ ᠢᠶᠠᠨ ᠰᠢᠭᠤᠳ ᠨᠡᠪᠳᠡᠷᠡᠭᠦᠯᠭᠡ ᠶᠢ ᠬᠦᠯᠢᠶᠠᠨ ᠠᠪᠴᠤ ᠰᠤᠨᠢᠷᠬᠠᠯ᠎ᠠ᠃ ᠲᠠᠷᠠ᠄ ︽ᠪᠢ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠳᠤᠷᠰᠢᠬᠢ᠂ ᠤᠨᠴᠠᠭᠠᠢᠢᠯᠠᠨ ᠥᠭᠡᠷᠡᠴᠢᠯᠡᠯᠲᠠ ᠨᠡᠭᠡᠭᠡᠯᠲᠠ ᠠᠴᠠ ᠨᠠᠭᠠᠰᠢᠬᠢ ᠠᠤᠭ᠎ᠠ ᠬᠤᠪᠢᠷᠠᠯᠳᠠ ᠶᠢ ᠪᠡᠶ᠎ᠡ ᠪᠠᠷ ᠢᠶᠠᠨ ᠥᠩᠭᠡᠷᠡᠭᠦᠯᠵᠤ᠂ ᠮᠠᠨᠤᠰ ᠲᠤ ᠤᠯᠭᠤᠬᠰᠠᠨ ᠠᠰᠢᠬ ᠬᠥᠷᠳᠡᠮᠵᠢ ᠶᠢ ᠪᠡᠶ᠎ᠡ ᠪᠠᠷ ᠢᠶᠠᠨ ᠡᠳ᠋ᠯᠡᠵᠤ ᠢᠷᠡᠭᠰᠡᠨ᠂ ᠰᠢᠭᠤᠳ ᠨᠡᠪᠳᠡᠷᠡᠭᠦᠯᠭᠡ ᠨᠢ ᠥᠨᠡᠬᠡᠷ ᠬᠥᠮᠥᠰ ᠢ ᠤᠮᠤᠬᠰᠢᠭᠤᠯᠤᠨ ᠳᠤᠬᠳᠤᠯᠤᠭᠤᠯᠤᠨ᠎ᠠ᠃ ᠤᠯᠠᠨ ᠲᠥᠮᠡᠨ ᠤ ᠵᠢᠬᠰᠠᠭᠠᠯ ᠤᠨ ᠠᠵᠢᠯᠯᠠᠭᠠᠨ ᠳᠠᠬᠢ ᠥᠪᠥᠷ ᠮᠤᠩᠭᠤᠯ ᠤᠨ ᠴᠢᠮᠡᠭᠳᠥ ᠳᠡᠷᠭᠡ ᠶᠢ ᠪᠢ ᠤᠨᠴᠠ ᠠᠩᠬᠠᠷᠴᠥ ᠪᠠᠶᠢᠬᠰᠠᠨ᠂ ᠠᠯᠳᠠᠨ ᠰᠢᠷᠭᠠᠯ ᠥᠩᠭᠡ ᠲᠠᠢ ᠠᠬᠰᠤᠮᠨᠠᠨ ᠳᠠᠪᠬᠢᠯᠳᠤᠬᠤ ᠮᠤᠷᠢᠳ ᠤᠨ ᠱᠤᠭᠤᠮᠠᠯ ᠢ ᠬᠠᠷᠠᠭᠠᠳ ᠰᠡᠳᠬᠢᠯ ᠲᠤᠭᠳᠤᠯᠤᠭᠰᠠᠨ ᠰᠢᠤ︾ ᠭᠡᠵᠤ ᠪᠤᠳᠤᠯ ᠢᠶᠠᠨ ᠠᠭᠤᠳᠠᠯᠵᠤ ᠭᠠᠷᠤᠯ᠎ᠠ᠃      ᠲᠥᠩᠯᠢᠶᠤᠤ ᠬᠤᠲᠠ ᠶᠢᠨ ᠬᠤᠷᠴᠢᠨ ᠲᠤᠭᠤᠷᠢᠬ ᠲᠤ ᠰᠠᠭᠤᠭ᠎ᠠ ᠴᠡᠷᠢᠭ ᠠᠴᠠ ᠬᠠᠯᠠᠬᠳᠠᠬᠰᠠᠨ ᠪᠠᠢ ᠯᠥᠩ ᠭᠡᠷ ᠪᠦᠯᠢ ᠪᠠᠷ ᠢᠶᠠᠨ ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠰᠢᠭᠤᠳ ᠨᠡᠪᠳᠡᠷᠡᠭᠦᠯᠭᠡ ᠶᠢ ᠲᠧᠯᠧᠢᠰ ᠠᠴᠠ ᠠᠮᠳᠠᠷᠬᠠᠨ ᠰᠤᠨᠢᠷᠬᠠᠯ᠎ᠠ᠃ ᠤᠤᠯ ᠨᠢ ᠰᠢᠨᠵᠢᠶᠠᠩ ᠳᠤ ᠴᠡᠷᠢᠭ ᠤᠨ ᠠᠯᠪᠠ ᠬᠠᠭᠠᠵᠤ ᠪᠠᠶᠢᠬᠰᠠᠨ ᠪᠠᠢ ᠯᠦᠡᠭ ᠰᠥᠷ ᠵᠢᠪᠬᠤᠭᠠᠳᠤ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠢ ᠰᠤᠨᠢᠷᠬᠠᠬᠤ ᠳᠠᠭᠠᠨ ᠥᠪᠡᠷ ᠤᠨ ᠡᠷᠬᠡ ᠥᠭᠡᠢ ᠬᠠᠯᠠᠭᠤᠨ ᠨᠢᠯᠪᠤᠰᠤ ᠠᠰᠬᠠᠷᠠᠭᠤᠯᠤᠯ᠎ᠠ᠃ ᠲᠠᠷᠠ᠄ ︽ᠲᠤᠰ ᠤᠳᠠᠭ᠎ᠠ ᠶᠢᠨ ᠤᠯᠤᠰ ᠤᠨ ᠪᠠᠶᠠᠷ ᠤᠨ ᠴᠡᠷᠢᠭ ᠤᠨ ᠵᠢᠬᠰᠠᠭᠠᠯ ᠰᠢᠯᠭᠠᠨ ᠥᠵᠡᠭᠦ ᠶᠤᠰᠤᠯᠠᠯ ᠳᠤ ᠤᠳᠤᠷᠢᠳᠤᠨ ᠵᠢᠯᠤᠭᠤᠳᠬᠤ ᠵᠢᠬᠰᠠᠭᠠᠯ᠂ ᠬᠠᠮᠳᠤᠷᠠᠬᠰᠠᠨ ᠥᠢᠯᠡᠴᠢᠯᠡᠭᠡᠨ ᠤ ᠪᠠᠳᠤᠯᠠᠭ᠎ᠠ ᠶᠢᠨ ᠴᠡᠷᠢᠭ ᠠᠩᠬᠢ ᠶᠢᠨ ᠵᠢᠬᠰᠠᠭᠠᠯ᠂ ᠶᠡᠭᠡ ᠳᠡᠭᠡᠳᠤ ᠰᠤᠷᠭᠠᠭᠤᠯᠢ ᠶᠢᠨ ᠰᠢᠨᠵᠢᠯᠡᠬᠦ ᠤᠠᠬᠭᠠᠨ ᠰᠤᠳᠤᠯᠭᠠᠨ ᠤ ᠵᠢᠬᠰᠠᠭᠠᠯ᠂ ᠪᠢᠴᠢᠭ ᠤᠨ ᠲᠤᠰᠢᠶᠠᠯᠳᠠᠨ ᠤ ᠵᠢᠬᠰᠠᠭᠠᠯ ᠵᠡᠷᠭᠡ ᠨᠢ ᠠᠩᠬ᠎ᠠ ᠤᠳᠠᠭ᠎ᠠ ᠤᠷᠤᠯᠴᠠᠵᠤ᠂ ᠤᠯᠤᠰ ᠤᠨ ᠪᠠᠳᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠨᠡᠩᠳᠡ ᠰᠢᠰᠲ᠋ᠧᠮ ᠲᠠᠢ ᠬᠥᠴᠥᠷᠬᠡᠭᠵᠢᠵᠤ ᠪᠠᠶᠢᠭ᠎ᠠ ᠶᠢ ᠬᠠᠷᠠᠭᠤᠯᠵᠤ᠂ ᠪᠤᠯᠤᠳ ᠬᠡᠷᠡᠮ ᠳᠡᠮᠥᠷ ᠬᠠᠨ᠎ᠠ ᠮᠡᠳᠥ 32 ᠵᠡᠪᠰᠡᠭ ᠲᠤᠨᠤᠬᠯᠠᠯ ᠤᠨ ᠵᠢᠬᠰᠠᠭᠠᠯ ᠨᠢ ᠤᠯᠤᠰ ᠤᠨ ᠪᠠᠳᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠤᠳᠤᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠯᠤᠳᠤ ᠶᠡᠭᠡ ᠠᠮᠵᠢᠯᠲᠠ ᠪᠥᠲᠥᠮᠵᠢ ᠶᠢ ᠭᠥᠢᠴᠡᠳ ᠢᠯᠡᠷᠡᠭᠦᠯᠵᠠᠢ︾ ᠭᠡᠯ᠎ᠠ᠃      ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠬᠢᠨ ᠪᠥᠬᠦ ᠠᠵᠢᠯᠳᠠᠨ ᠢᠶᠠᠨ ᠵᠤᠬᠢᠶᠠᠨ ᠪᠠᠶᠢᠭᠤᠯᠵᠤ ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠰᠢᠭᠤᠳ ᠨᠡᠪᠳᠡᠷᠡᠭᠦᠯᠭᠡ ᠶᠢ ᠬᠥᠯᠢᠶᠠᠨ ᠠᠪᠴᠥ ᠰᠤᠨᠢᠷᠬᠠᠵᠠᠢ᠃ ︽ᠶᠠᠷᠥᠩᠬᠡᠢ ᠱᠥᠵᠢ ᠰᠢ ᠶᠢᠨ ᠫᠢᠩ ᠶᠠᠷᠢᠶᠠᠨ ᠳᠠᠭᠠᠨ᠂ ᠥᠨᠥᠳᠥᠷ ᠨᠡᠶᠢᠭᠡᠮ ᠵᠢᠷᠤᠮᠳᠤ ᠳᠤᠮᠳᠠᠳᠤ ᠤᠯᠤᠰ ᠲᠠᠯᠠᠭᠡᠢ ᠶᠢᠨ ᠳᠤᠷᠤᠨᠠᠳᠠᠬᠢᠨ ᠳᠤ ᠰᠡᠭᠦ᠋ᠢᠨ ᠰᠥᠨᠳᠡᠷᠯᠡᠵᠤ᠂ ᠶᠠᠮᠠᠷᠪᠠ ᠬᠥᠴᠥᠨ ᠵᠥᠢᠯ ᠴᠥ ᠭᠡᠳ ᠮᠠᠨ ᠤ ᠠᠭᠤᠤ ᠶᠡᠭᠡ ᠡᠬᠡ ᠤᠯᠤᠰ ᠤᠨ ᠪᠠᠶᠢᠷᠢ ᠰᠠᠭᠤᠷᠢ ᠶᠢ ᠭᠤᠶᠢᠪᠢᠯᠵᠠᠭᠤᠯᠵᠤ ᠴᠢᠳᠠᠬᠤ ᠥᠭᠡᠢ᠂ ᠶᠠᠮᠠᠷᠪᠠ ᠬᠥᠴᠥᠨ ᠵᠥᠢᠯ ᠴᠥ ᠭᠡᠳ ᠳᠤᠮᠳᠠᠳᠤ ᠤᠯᠤᠰ ᠤᠨ ᠠᠷᠠᠳ ᠲᠥᠮᠡᠨ ᠪᠤᠯᠤᠨ ᠳᠤᠮᠳᠠᠳᠤ ᠶᠢᠨ ᠥᠨᠳᠥᠰᠥᠲᠠᠨ ᠤ ᠤᠷᠤᠬᠰᠢᠯᠠᠯᠲᠠ ᠶᠢᠨ ᠠᠯᠬᠤᠭ᠎ᠠ ᠶᠢ ᠬᠤᠷᠢᠬᠯᠠᠵᠤ ᠴᠢᠳᠠᠬᠤ ᠥᠭᠡᠢ ᠶᠤᠮ ᠭᠡᠵᠤ ᠵᠢᠭᠠᠵᠤ ᠭᠠᠷᠭᠠᠪᠠ᠂ ᠡᠨᠡ ᠨᠢ ᠳᠤᠮᠳᠠᠳᠤ ᠶᠢᠨ ᠬᠥᠪᠡᠭᠦᠳ ᠥᠭᠢᠳ ᠤᠨ ᠯᠤᠳᠤ ᠶᠡᠭᠡ ᠤᠮᠤᠬᠰᠢᠯ ᠪᠤᠯᠬᠤ ᠶᠤᠮ᠂ ᠤᠯᠠᠨ ᠲᠥᠮᠡᠨ ᠤ ᠵᠢᠬᠰᠠᠭᠠᠯ ᠤᠨ ᠡᠩᠨᠡᠭᠡ ᠠᠴᠠ ᠡᠪ ᠬᠠᠮᠳᠤ ᠨᠠᠮ ᠤᠨ ᠤᠳᠤᠷᠢᠳᠤᠯᠭ᠎ᠠ ᠳᠤᠤᠷ᠎ᠠ ᠬᠡᠳᠥᠨ ᠥᠶ᠎ᠡ ᠶᠢᠨ ᠳᠤᠮᠳᠠᠳᠤ ᠶᠢᠨ ᠬᠥᠪᠡᠭᠦᠳ ᠥᠭᠢᠳ ᠤᠨ ᠴᠤᠴᠠᠯᠲᠠ ᠥᠭᠡᠢ ᠤᠷᠤᠬᠰᠢᠯᠠᠵᠤ ᠢᠷᠡᠭᠰᠡᠨ ᠥᠩᠭᠡᠷᠡᠯᠲᠠ ᠶᠢ ᠭᠥᠢᠴᠡᠳ ᠤᠯᠵᠤ ᠬᠠᠷᠠᠵᠤ ᠪᠤᠯᠤᠨ᠎ᠠ᠂ ᠪᠢᠳᠡ ᠡᠷᠭᠡᠪᠰᠢ ᠥᠨᠥᠳᠥᠷ ᠤᠨ ᠴᠡᠴᠡᠭᠯᠡᠯ ᠬᠥᠭᠵᠢᠯᠲᠠ ᠶᠢ ᠳᠡᠮᠡᠴᠡᠨ ᠤᠯᠤᠬᠰᠠᠨ ᠨᠢ ᠠᠮᠠᠷᠬᠠᠨ ᠶᠠᠪᠤᠳᠠᠯ ᠪᠢᠰᠢ ᠭᠡᠳᠡᠭ ᠢ ᠮᠡᠳᠡᠬᠦ ᠶᠢᠨ ᠬᠠᠮᠳᠤ ᠥᠨᠳᠥᠰᠥᠲᠠᠨ ᠨᠦᠭᠦᠳ ᠤᠨ ᠤᠯᠠᠨ ᠲᠥᠮᠡᠨ ᠨᠢᠭᠡ ᠰᠡᠳᠬᠢᠯ ᠬᠠᠮᠳᠤ ᠶᠢᠨ ᠵᠤᠷᠢᠬ ᠢᠶᠠᠷ ᠴᠢᠷᠮᠠᠶᠢᠪᠠᠯ ᠰᠠᠶ᠋ᠢ ᠨᠡᠩ ᠶᠡᠭᠡ ᠴᠡᠴᠡᠭᠯᠡᠯ ᠬᠥᠭᠵᠢᠯ ᠢ ᠤᠯᠵᠤ ᠴᠢᠳᠠᠨ᠎ᠠ ᠭᠡᠳᠡᠭ ᠢ ᠤᠬᠠᠬᠤ ᠬᠡᠷᠡᠭᠲᠠᠢ᠂ ᠶᠠᠷᠥᠩᠬᠡᠢ ᠱᠥᠵᠢ ᠪᠢᠳᠡᠨ ᠳᠤ ᠢᠷᠡᠭᠡᠳᠥᠢ ᠶᠢᠨ ᠬᠥᠭᠵᠢᠯᠲᠠ ᠶᠢᠨ ᠴᠢᠭᠯᠡᠯ ᠢ ᠵᠢᠭᠠᠵᠤ ᠥᠭᠭᠦᠯ᠎ᠡ᠂ ᠪᠢᠳᠡ ᠥᠪᠡᠷᠰᠡᠳ ᠤᠨ ᠠᠵᠢᠯ ᠤᠨ ᠪᠠᠶᠢᠷᠢ ᠪᠠᠨ ᠪᠠᠳᠤ ᠰᠠᠬᠢᠵᠤ᠂ ᠤᠷᠤᠨ ᠨᠤᠲᠤᠬ ᠤᠨ ᠢᠶᠠᠨ ᠬᠥᠭᠵᠢᠯᠲᠠ ᠳᠤ ᠠᠯᠢᠪᠠ ᠪᠠᠨ ᠵᠤᠷᠢᠭᠤᠯᠵᠤ᠂ ᠳᠤᠮᠳᠠᠳᠤ ᠶᠢᠨ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠤ ᠶᠢ ᠳᠡᠷᠭᠡᠯᠰᠢᠭᠦᠯᠬᠦ ᠶᠢᠨ ᠲᠥᠯᠥᠭᠡ ᠥᠷᠬᠦᠯᠵᠢᠯᠠᠨ ᠴᠢᠷᠮᠠᠶᠢᠨ᠎ᠠ︾ ᠭᠡᠵᠤ ᠲᠤᠰ ᠲᠤᠪᠴᠢᠶ᠎ᠠ ᠶᠢᠨ ᠲᠠᠷᠤᠭ᠎ᠠ ᠡᠥ ᠴᠧᠩ ᠬᠡᠯᠡᠵᠤ ᠪᠠᠶᠢᠯ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号