ᠮᠠᠨ ᠤ ᠣᠷᠣᠨ ᠤ 200 ᠭᠠᠷᠤᠶ ᠵᠡᠮᠳᠡᠭᠴᠦᠳ ᠢᠨᠲ᠋ᠧᠷ ᠰᠦᠯᠵᠢᠶᠡᠨ ᠤ ᠭᠡᠷ ᠪᠦᠯᠢ ᠶᠢᠨ ᠠᠵᠢᠯ ᠣᠯᠭᠤᠯᠲᠠ ᠶᠢ ᠬᠦᠷᠲᠡᠪᠡ
ᠨᠡᠶᠢᠲᠡᠯᠡᠭᠰᠡᠨ ᠴᠠᠭ᠄
2019/10/8
     ᠣᠶᠢᠷ᠎ᠠ ᠳᠤ ᠬᠤᠷᠠᠯᠳᠤᠭᠤᠯᠤᠭᠰᠠᠨ ︽ᠥᠪᠥᠷ ᠮᠣᠩᠭᠤᠯ ᠤᠨ ᠵᠡᠮᠳᠡᠭᠴᠦᠳ ᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠢᠨᠵᠧᠨᠧᠷᠢᠩ︾᠎ ᠤᠨ 2019 ᠣᠨ ᠤ ᠳ᠋ᠦᠩᠨᠡᠨ ᠬᠥᠬᠢᠭᠦᠯᠬᠦ ᠶᠡᠭᠡ ᠬᠤᠷᠠᠯ ᠠᠴᠠ ᠣᠶᠢᠯᠭᠠᠭᠰᠠᠨ ᠢᠶᠠᠷ᠂ ᠡᠨᠡ ᠵᠢᠯ᠂ ᠮᠠᠨ ᠤ ᠣᠷᠣᠨ ᠤ 200 ᠭᠠᠷᠤᠶ ᠵᠡᠮᠳᠡᠭᠴᠦᠳ ᠢᠨᠲ᠋ᠧᠷ ᠰᠦᠯᠵᠢᠶᠡᠨ ᠤ ᠭᠡᠷ ᠪᠦᠯᠢ ᠶᠢᠨ ᠠᠵᠢᠯ ᠣᠯᠭᠤᠯᠲᠠ ᠶᠢ ᠬᠦᠷᠲᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠬᠠᠪᠰᠤᠷᠤᠯᠭ᠎ᠠ ᠬᠦᠷᠲᠡᠭᠰᠡᠨ ᠵᠡᠮᠳᠡᠭᠴᠦᠳ ᠨᠢ ᠨᠢᠭᠤᠷᠳᠠᠯ ᠰᠢᠯᠭᠠᠯᠲᠠ᠂ ᠲᠤᠰᠬᠠᠶ ᠮᠡᠷᠭᠡᠵᠢᠯ ᠤᠨ ᠪᠣᠯᠪᠠᠰᠤᠷᠠᠯ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠡᠶ᠎ᠡ ᠶᠢᠨ ᠪᠠᠶᠢᠴᠠᠭᠠᠯᠲᠠ ᠬᠢᠭᠰᠡᠨ ᠤ ᠳᠠᠷᠠᠭ᠎ᠠ᠂ ᠬᠥᠳᠡᠯᠮᠦᠷᠢ ᠶᠢᠨ ᠭᠡᠷ᠎ᠡ ᠲᠣᠭᠲᠠᠵᠤ ᠠᠵᠢᠯ ᠤᠨ ᠪᠠᠶᠢᠷᠢ ᠳᠤ ᠭᠠᠷᠴᠤ ᠠᠵᠢᠯᠯᠠᠭᠰᠠᠨ ᠪᠠᠶᠢᠨ᠎ᠠ᠃ ᠠᠵᠢᠯ ᠣᠯᠭᠤᠬᠤ ᠠᠵᠢᠯ ᠤᠨ ᠪᠠᠶᠢᠷᠢ ᠳᠤ ᠡᠯᠧᠺᠲᠷᠣᠨ ᠬᠤᠳᠠᠯᠳᠤᠭᠠᠨ ᠤ ᠲᠥᠷᠥᠯ᠂ ᠲᠤᠭ᠎ᠠ ᠪᠠᠷᠢᠮᠲᠠ ᠶᠢᠨ ᠲᠥᠪ ᠤᠨ ᠲᠥᠷᠥᠯ᠂ ᠨᠠᠶᠢᠷᠠᠭᠤᠯᠭ᠎ᠠ ᠶᠢᠨ ᠲᠥᠷᠥᠯ᠂ ᠢᠨᠲ᠋ᠧᠷ ᠰᠦᠯᠵᠢᠶᠡᠨ ᠤ ᠵᠢᠷᠤᠭ ᠲᠥᠯᠥᠪᠯᠡᠭᠡ ᠶᠢᠨ ᠲᠥᠷᠥᠯ᠂ ᠲᠣᠤᠷ ᠰᠦᠯᠵᠢᠶᠡᠨ ᠤ ᠦᠢᠯᠡᠴᠢᠯᠡᠭᠡᠨ ᠤ ᠲᠥᠷᠥᠯ᠂ ᠰᠦᠯᠵᠢᠶᠡᠨ ᠳᠡᠭᠡᠷᠡᠬᠢ ᠡᠵᠡᠩᠨᠡᠯᠲᠡ ᠶᠢᠨ ᠲᠥᠷᠥᠯ᠂ ᠺᠣᠮᠫᠢᠦ᠋ᠲ᠋ᠧᠷ ᠤᠨ ᠮᠡᠷᠭᠡᠵᠢᠯ ᠤᠨ ᠲᠥᠷᠥᠯ᠂ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠥᠷᠥᠯ ᠵᠡᠷᠭᠡ 20 ᠭᠠᠷᠤᠶ ᠵᠦᠢᠯ ᠤᠨ ᠠᠵᠢᠯ ᠤᠨ ᠪᠠᠶᠢᠷᠢ ᠪᠠᠭᠲᠠᠨ᠎ᠠ᠃ ᠠᠵᠢᠯ ᠤᠨ ᠵᠠᠭᠪᠤᠷ ᠨᠢ ᠢᠨᠲ᠋ᠧᠷ ᠰᠦᠯᠵᠢᠶ᠎ᠡ᠂ ᠠᠶᠢᠯ ᠡᠷᠦᠬᠡ᠂ ᠣᠨᠳᠣᠤ ᠭᠠᠵᠠᠷ᠂ ᠠᠯᠤᠰ ᠡᠵᠡᠮᠰᠢᠯᠲᠦ ᠵᠡᠷᠭᠡ ᠠᠷᠭ᠎ᠠ ᠮᠠᠶ᠋ᠢᠭ ᠢᠶᠠᠷ ᠠᠵᠢᠯᠯᠠᠨ᠎ᠠ᠃ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ ᠵᠡᠮᠳᠡᠭᠴᠦᠳ ᠲᠠᠪᠤᠨ ᠳᠠᠭᠠᠳᠬᠠᠯ ᠪᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠷᠠᠭᠠᠯᠵᠠᠯ ᠢ ᠬᠦᠷᠲᠡᠨ᠎ᠠ᠂ ᠴᠠᠯᠢᠩ ᠤᠨ ᠣᠯᠭᠤᠮᠵᠢ ᠨᠢ ᠰᠠᠷ᠎ᠠ ᠪᠦᠷᠢ 1500 — 2500 ᠲᠥᠭᠦᠷᠢᠭ᠂ ᠵᠢᠯ ᠪᠦᠷᠢ 50 ᠲᠦᠮᠡᠨ ᠲᠥᠭᠦᠷᠢᠭ ᠠᠴᠠ ᠳᠣᠤᠷ᠎ᠠ ᠦᠭᠡᠢ ᠭᠡᠨᠡᠳᠲᠡ ᠶᠢᠨ ᠰᠢᠷᠬᠠᠲᠤᠯ ᠤᠨ ᠳᠠᠭᠠᠳᠬᠠᠯ᠂ ᠬᠥᠯᠥᠰᠥᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠬᠦᠷᠲᠡᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠵᠡᠮᠳᠡᠭᠴᠦᠳ ᠤᠨ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠢᠨᠵᠧᠨᠧᠷᠢᠩ ᠪᠣᠯ ᠥᠪᠥᠷ ᠮᠣᠩᠭᠤᠯ ᠤᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ᠂ ᠥᠪᠥᠷ ᠮᠣᠩᠭᠤᠯ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢᠨ ᠨᠡᠶᠢᠭᠡᠮᠯᠢᠭ᠂ ᠥᠪᠥᠷ ᠮᠣᠩᠭᠤᠯ ᠤᠨ ᠵᠡᠮᠳᠡᠭᠴᠦᠳ ᠤᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠨᠡᠶᠢᠭᠡᠮᠯᠢᠭ ᠠᠴᠠ ᠱᠠᠩᠬᠠᠶ ᠶᠢᠨ ᠼᠠᠨ ᠫᠢᠨ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠡᠭᠦᠰᠭᠡᠨ ᠡᠷᠬᠢᠯᠡᠭᠰᠡᠨ᠂ ᠪᠥᠬᠦ ᠣᠷᠣᠨ ᠤ 18 ᠨᠠᠰᠤᠨ ᠠᠴᠠ 45 ᠨᠠᠰᠤ ᠬᠦᠷᠲᠡᠯᠡᠬᠢ ᠵᠡᠮᠳᠡᠭᠴᠦᠳ ᠲᠤ ᠬᠠᠨᠳᠤᠭᠤᠯᠤᠭᠰᠠᠨ ᠢᠨᠲ᠋ᠧᠷ ᠰᠦᠯᠵᠢᠶᠡᠨ ᠤ ᠭᠡᠷ ᠪᠦᠯᠢ ᠶᠢᠨ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯ ᠪᠣᠯᠤᠨ᠎ᠠ᠃ ᠬᠠᠪᠰᠤᠷᠤᠨ ᠲᠡᠳᠬᠦᠬᠦ ᠣᠷᠣᠨ ᠪᠦᠰᠡ ᠪᠣᠯ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠬᠠᠭᠤᠴᠢᠨ ᠰᠠᠭᠤᠷᠢᠨ ᠵᠢᠴᠢ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠣᠨ ᠤ ᠶᠠᠳᠠᠭᠤ ᠬᠦᠴᠢᠷᠳᠡᠯᠲᠡᠶ 70 ᠬᠤᠰᠢᠭᠤ ᠰᠢᠶᠠᠨ ᠪᠠᠶᠢᠵᠤ᠂ ᠲᠡᠳᠬᠦᠮᠵᠢ ᠬᠦᠷᠲᠡᠭᠴᠢᠳ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ᠂ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠲᠠᠢ᠂ ᠣᠶᠤᠨ ᠤᠬᠠᠭᠠᠨ᠂ ᠣᠶᠤᠨ ᠰᠠᠨᠠᠭ᠎ᠠ᠂ ᠬᠠᠷᠠᠭ᠎ᠠ ᠵᠡᠮᠳᠡᠭ ᠪᠤᠰᠤ ᠪᠠᠶᠢᠬᠤ ᠪᠦᠭᠡᠳ ᠺᠣᠮᠫᠢᠦ᠋ᠲ᠋ᠧᠷ ᠤᠨ ᠦᠨᠳᠦᠰᠦᠨ ᠠᠵᠢᠯᠯᠠᠭ᠎ᠠ ᠶᠢ ᠡᠵᠡᠮᠰᠢᠭᠰᠡᠨ᠂ ᠶᠠᠯ᠎ᠠ ᠬᠢᠭᠰᠡᠨ ᠲᠡᠮᠳᠡᠭᠯᠡᠯ ᠦᠭᠡᠢ ᠬᠠᠤᠯᠢ ᠪᠠᠷ ᠲᠣᠭᠲᠠᠭᠠᠭᠰᠠᠨ ᠵᠡᠮᠳᠡᠭ ᠬᠥᠮᠦᠨ ᠪᠠᠶᠢᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号