ᠮᠠᠨ ᠤ ᠣᠷᠣᠨ ᠤ 10 ᠲᠣᠰᠬᠤᠨ ᠪᠠᠯᠭᠠᠰᠤ ᠤᠯᠤᠰ ᠤᠨ ︽ᠨᠢᠭᠡ ᠲᠣᠰᠬᠤᠨ ᠨᠢᠭᠡ ᠦᠶᠯᠡᠳᠬᠦᠨ︾ ᠎ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠪᠠᠷ ᠰᠤᠩᠭᠤᠭᠳᠠᠪᠠ
ᠨᠡᠶᠢᠲᠡᠯᠡᠭᠰᠡᠨ ᠴᠠᠭ᠄
2019/10/8
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠶᠠᠮᠤᠨ ︽ᠶᠢᠰᠦᠳᠦᠭᠡᠷ ᠪᠦᠯᠦᠭ ︿ᠨᠢᠭᠡ ᠲᠣᠰᠬᠤᠨ ᠨᠢᠭᠡ ᠦᠶᠯᠡᠳᠬᠦᠨ﹀᠎ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠪᠠ᠂ ᠡᠭᠦᠨ ᠳᠤ ᠮᠠᠨ ᠤ ᠣᠷᠣᠨ ᠤ 10 ᠲᠣᠰᠬᠤᠨ ᠪᠠᠯᠭᠠᠰᠤ ᠨᠡᠷ᠎ᠡ ᠲᠣᠳᠣᠷᠠᠭᠰᠠᠨ ᠪᠠᠶᠢᠨ᠎ᠠ᠃ ᠣᠳᠣᠬᠠᠨ ᠪᠣᠯᠲᠠᠯ᠎ᠠ᠂ ᠪᠥᠬᠦ ᠣᠷᠣᠨ ᠳᠤ ᠤᠯᠤᠰ ᠤᠨ ︽ᠨᠢᠭᠡ ᠲᠣᠰᠬᠤᠨ ᠨᠢᠭᠡ ᠦᠶᠯᠡᠳᠬᠦᠨ︾᠎ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠨᠡᠶᠢᠲᠡ 82 ᠪᠣᠯᠵᠤ᠂ ᠥᠪᠡᠷᠲᠡᠭᠡᠨ ᠵᠠᠰᠠᠬᠤ ᠣᠷᠣᠨ ᠤ ︽ᠨᠢᠭᠡ ᠲᠣᠰᠬᠤᠨ ᠨᠢᠭᠡ ᠦᠶᠯᠡᠳᠬᠦᠨ︾᠎ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ 718 ᠪᠣᠯᠵᠠᠶ᠃      ᠮᠠᠨ ᠤ ᠣᠷᠣᠨ ᠤ ᠶᠢᠰᠦᠳᠦᠭᠡᠷ ᠪᠦᠯᠦᠭ ᠤᠯᠤᠰ ᠤᠨ ︽ᠨᠢᠭᠡ ᠲᠣᠰᠬᠤᠨ ᠨᠢᠭᠡ ᠦᠶᠯᠡᠳᠬᠦᠨ︾᠎ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠪᠠᠷ ᠰᠤᠩᠭᠤᠭᠳᠠᠭᠰᠠᠨ 10 ᠲᠣᠰᠬᠤᠨ ᠪᠠᠯᠭᠠᠰᠤ ᠪᠣᠯ ᠲᠣᠰ ᠲᠣᠰ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠬᠠᠺᠧ ᠪᠠᠯᠭᠠᠰᠤ᠂ ᠣᠷᠳᠣᠰ ᠬᠤᠲᠠ ᠶᠢᠨ ᠦᠦᠰᠢᠨ ᠬᠤᠰᠢᠭᠤᠨ ᠤ ᠤᠯᠠᠭᠠᠨ ᠲᠣᠯᠣᠭᠠᠶ ᠪᠠᠯᠭᠠᠰᠤ᠂ ᠣᠷᠳᠣᠰ ᠬᠤᠲᠠ ᠶᠢᠨ ᠣᠳᠤᠭ ᠬᠤᠰᠢᠭᠤᠨ ᠤ ᠠᠷᠪᠠᠰ ᠰᠤᠮᠤ᠂ ᠲᠦᠩᠯᠢᠶᠣᠤ ᠬᠤᠲᠠ ᠶᠢᠨ ᠨᠠᠶᠮᠠᠨ ᠬᠤᠰᠢᠭᠤᠨ ᠤ ᠴᠢᠩ ᠯᠦᠩ ᠱᠠᠨ ᠪᠠᠯᠭᠠᠰᠤ ᠶᠢᠨ ᠬᠤ᠋ ᠯᠢ ᠲᠣᠰᠬᠤᠨ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠰᠠᠨ ᠳ᠋ᠤᠤ ᠴᠢᠶᠣᠤ ᠪᠠᠯᠭᠠᠰᠤ ᠶᠢᠨ ᠾᠧ ᠫᠢᠩ ᠲᠣᠰᠬᠤᠨ᠂ ᠬᠢᠩᠭᠠᠨ ᠠᠶᠢᠮᠠᠭ ᠤᠨ ᠤᠯᠠᠭᠠᠨᠬᠤᠲᠠ ᠬᠤᠲᠠ ᠶᠢᠨ ᠢᠯᠠᠯᠲᠠ ᠪᠠᠯᠭᠠᠰᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠪᠣᠭ᠎ᠠ ᠪᠠᠯᠭᠠᠰᠤ ᠶᠢᠨ ᠱᠦᠶ ᠲᠢᠶᠠᠨ ᠲᠣᠰᠬᠤᠨ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨ ᠮᠣᠳᠣ ᠰᠤᠮᠤ ᠶᠢᠨ ᠰᠣᠭᠤᠨᠲᠠᠢ ᠭᠠᠴᠠᠭ᠎ᠠ᠂ ᠬᠥᠯᠥᠨ ᠪᠤᠶᠢᠷ ᠬᠤᠲᠠ ᠶᠢᠨ ᠵᠠᠯᠠᠨ ᠠᠶᠢᠯ ᠤᠨ ᠨᠣᠮᠣᠬᠠᠨ ᠣᠷᠴᠣᠨ ᠦᠨᠳᠦᠰᠦᠲᠡᠨ ᠤ ᠰᠢᠶᠠᠩ ᠤᠨ ᠳ᠋ᠠ ᠰᠢᠩ ᠲᠣᠰᠬᠤᠨ᠂ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠤ ᠳᠠᠯᠠᠠᠭᠤᠯᠠ ᠪᠠᠯᠭᠠᠰᠤ ᠶᠢᠨ ᠰᠤᠳᠠᠯ ᠭᠠᠴᠠᠭ᠎ᠠ ᠪᠣᠯᠣᠨ᠎ᠠ᠃      ᠣᠶᠢᠷ᠎ᠠ ᠶᠢᠨ ᠵᠢᠯ ᠳᠤ᠂ ᠮᠠᠨ ᠤ ᠣᠷᠣᠨ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂  ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ 10 ᠶᠡᠭᠡ ᠠᠵᠢᠯᠯᠠᠭᠠᠨ ᠤ ᠲᠥᠯᠥᠪᠯᠡᠭᠡ ᠶᠢᠨ ᠲᠣᠭᠤᠷᠢᠨ ᠳᠤ᠂ ᠳᠠᠪᠠᠭᠤᠯᠢᠭ ᠭᠤᠤᠯᠯᠠᠬᠤ ᠠᠵᠤ ᠦᠶᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠦᠢᠯᠡᠰ ᠎ ᠤᠨ ᠬᠡᠯᠬᠢᠶ᠎ᠡ ᠶᠢ ᠤᠷᠲᠤᠳᠬᠠᠵᠤ᠂ ᠮᠠᠯᠴᠢᠨ ᠲᠠᠷᠢᠶᠠᠴᠢᠨ ᠬᠢᠭᠡᠳ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡ ᠪᠦᠯᠦᠭ ᠢᠯᠡ ᠲᠣᠳᠣ ᠣᠨᠴᠠᠯᠢᠭ ᠲᠠᠢ ᠤᠯᠤᠰ ᠤᠨ ᠲᠡᠰ ᠤᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ︽ᠨᠢᠭᠡ ᠲᠣᠰᠬᠤᠨ ᠨᠢᠭᠡ ᠦᠶᠯᠡᠳᠬᠦᠨ︾᠎ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ ᠪᠠᠶᠢᠭᠤᠯᠵᠤ᠂ ᠨᠤᠲᠤᠭ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠵᠢᠱᠢᠶ᠎ᠡ ᠦᠵᠡᠭᠦᠯᠦᠨ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号