ᠥᠢᠷ᠎ᠠ ᠳᠤ ᠬᠤᠷᠠᠯᠳᠤᠭᠰᠠᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠬᠢᠭᠦᠯᠦᠨ ᠰᠠᠶᠢᠰᠢᠶᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ | ᠬᠤᠷᠢᠶ᠎ᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠢ ᠪᠠᠷ | ᠴᠣᠯᠠᠯᠠᠭᠳᠠᠵᠤ᠂ ᠮᠠᠨ ᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠳᠣᠳᠣᠷ᠎ᠠ ᠴᠣᠷ ᠤᠨ | ᠭᠠᠭᠴᠠ ᠢᠷᠠᠭᠤ ᠠᠯᠳᠠᠷ ᠬᠦᠷᠳᠡᠭᠰᠡᠨ ᠨᠢᠭᠡᠴᠢ ᠪᠣᠯᠵᠠᠶ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠶᠡᠭᠡ ᠬᠤᠷᠠᠯ ᠨᠢ ᠨᠡᠶᠢᠲᠡ 665 ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠢ ᠪᠠ 812 ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠥᠮᠦᠨ ᠢ ᠬᠥᠬᠢᠭᠦᠯᠦᠨ ᠰᠠᠶᠢᠰᠢᠶᠠᠵᠤ᠂ ᠮᠠᠨ ᠤ | ᠣᠷᠣᠨ ᠤ 27 ᠵᠢᠱᠢᠶᠡᠴᠢ ᠬᠠᠮᠲᠤ ᠨᠢᠭᠡᠴᠢ ᠪᠠ 33 ᠵᠢᠱᠢᠶᠡᠴᠢ ᠬᠤᠪᠢ ᠬᠥᠮᠦᠨ ᠬᠥᠬᠢᠭᠦᠯᠦᠨ | ᠰᠠᠶᠢᠰᠢᠶᠠᠭᠳᠠᠪᠠ᠃ | ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠣᠳᠣ 2035 ᠠᠵᠢᠯᠲᠠᠨ | ᠠᠵᠢᠯᠴᠢᠨ ᠲᠠᠢ ᠪᠠᠶᠢᠵᠤ᠂ ᠮᠣᠩᠭᠤᠯ᠂ ᠬᠢᠲᠠᠳ᠂ ᠬᠤᠲᠣᠩ᠂ ᠲᠥᠪᠡᠳ᠂ ᠮᠠᠨᠵᠤ᠂ ᠳᠠᠭᠤᠷ᠂ ᠡᠸᠡᠩᠬᠢ ᠵᠡᠷᠭᠡ 7 | ᠦᠨᠳᠦᠰᠦᠲᠡᠨ ᠢᠶᠠᠷ ᠪᠦᠷᠢᠯᠳᠦᠵᠡᠶ᠃ ᠡᠮᠨᠡᠯᠭᠡ ᠶᠢᠨ ᠬᠤᠷᠢᠶ᠎ᠠ ᠪᠠᠶᠢᠭᠤᠯᠤᠭᠳᠠᠭᠰᠠᠨ 7 ᠵᠢᠯ ᠤᠨ ᠲᠤᠷᠰᠢ᠂ 7 | ᠦᠨᠳᠦᠰᠦᠲᠡᠨ ᠤ ᠠᠵᠢᠯᠲᠠᠨ ᠠᠵᠢᠯᠴᠢᠨ ᠤ ᠵᠠᠩ ᠳᠠᠳᠬᠠᠯ ᠬᠠᠷᠢᠯᠴᠠᠨ ᠨᠥᠯᠥᠭᠡᠯᠡᠭᠳᠡᠵᠦ᠂ ᠬᠠᠶᠢᠷ᠎ᠠ ᠰᠡᠳᠬᠢᠯᠭᠡ ᠨᠢ | ᠬᠠᠷᠢᠯᠴᠠᠨ ᠬᠤᠯᠪᠣᠯᠳᠤᠵᠤ᠂ ᠠᠨᠠᠷ ᠤᠨ ᠦᠷ᠎ᠡ ᠰᠢᠭ ᠪᠠᠷᠢᠯᠳᠤᠨ ᠨᠢᠭᠲᠠᠷᠠᠵᠤ᠂ ᠠᠮᠢ ᠨᠠᠰᠤ ᠪᠠᠨ ᠬᠠᠮᠠᠭᠠᠯᠠᠬᠤ ᠲᠠᠢ | ᠠᠳᠠᠯᠢ ᠪᠠᠷ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠂ ᠨᠢᠳᠦᠨ ᠴᠡᠴᠡᠭᠡᠶ ᠪᠠᠨ ᠬᠠᠮᠠᠭᠠᠯᠠᠬᠤ ᠲᠠᠢ ᠠᠳᠠᠯᠢ ᠪᠠᠷ | ᠡᠮᠴᠢ ᠡᠪᠡᠳᠴᠢᠲᠡᠨ ᠤ ᠬᠠᠷᠢᠴᠠᠭ᠎ᠠ ᠶᠢ ᠬᠠᠮᠠᠭᠠᠯᠠᠨ᠂ ᠰᠡᠳᠬᠢᠯ ᠵᠢᠷᠦᠬᠡ ᠶᠢ ᠳᠣᠭᠳᠣᠯᠤᠭᠤᠯᠤᠮ᠎ᠠ ᠦᠨᠳᠦᠰᠦᠲᠡᠨ ᠤ | ᠪᠦᠯᠬᠦᠮᠳᠡᠯ ᠢ ᠪᠢᠴᠢᠭᠯᠡᠭᠰᠡᠨ ᠪᠠᠶᠢᠨ᠎ᠠ᠃ 7 ᠵᠢᠯ ᠤᠨ ᠲᠤᠷᠰᠢ᠂ ᠪᠡᠭᠡᠵᠢᠩ᠂ ᠱᠠᠩᠬᠠᠶ᠂ ᠱᠠᠨᠳᠦ᠋ᠩ ᠵᠡᠷᠭᠡ ᠪᠦᠬᠦ | ᠤᠯᠤᠰ ᠤᠨ 24 ᠮᠣᠵᠢ ᠣᠷᠣᠨ ᠬᠤᠲᠠ ᠵᠢᠴᠢ ᠮᠣᠩᠭᠤᠯ ᠤᠯᠤᠰ᠂ ᠣᠷᠣᠰ᠂ ᠰᠢᠩᠭᠠᠫᠣᠷ ᠵᠡᠷᠭᠡ 12 ᠤᠯᠤᠰ | ᠤᠨ ᠡᠪᠡᠳᠴᠢᠲᠡᠨ ᠳᠤ ᠰᠢᠯᠢᠳᠡᠭ ᠡᠮ ᠡᠮᠨᠡᠯᠭᠡ ᠶᠢᠨ ᠦᠶᠯᠡᠴᠢᠯᠡᠭᠡ ᠬᠠᠩᠭᠠᠵᠤ᠂ ᠦᠨᠳᠦᠰᠦᠲᠡᠨ ᠤ ᠪᠦᠯᠬᠦᠮᠳᠡᠯ ᠢ | ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠦᠨᠳᠦᠰᠦᠯᠡᠭᠦᠯᠪᠡ᠃ |