ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠣᠳᠣᠬᠠᠨ ᠳᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠨᠡᠮᠡᠭᠳᠡᠯ ᠤᠨ ᠶᠠᠰᠤ ᠴᠢᠨᠠᠷ ᠦᠷ᠎ᠡ ᠠᠰᠢᠭ ᠤᠯᠠᠮ | ᠨᠢᠭᠡ ᠠᠯᠬᠤᠮ ᠳᠡᠭᠡᠭᠰᠢᠯᠡᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ | ᠪᠠᠶᠢᠳᠠᠯ ᠨᠡᠯᠢᠶᠡᠳ ᠰᠠᠶᠢᠨ ᠪᠠᠶᠢᠵᠤ᠂ ᠠᠵᠤ ᠦᠢᠯᠡᠰ ᠤᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠂ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠠᠯᠬᠤᠴᠠ ᠲᠦᠷᠭᠡᠰᠪᠡ᠃ | ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠳᠣᠲᠣᠷ᠎ᠠ᠂ ᠤᠳᠤ ᠦᠶ᠎ᠡ ᠶᠢᠨ ᠨᠡᠭᠦᠷᠡᠰᠦᠨ ᠬᠢᠮᠢ ᠶᠢᠨ ᠠᠵᠤ ᠦᠢᠯᠡᠳᠪᠦᠷᠢ᠂ ᠳᠡᠭᠡᠳᠦ | ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ | 8.2% ᠪᠠ 8.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠤᠨ ᠬᠢ ᠠᠴᠠ 0.5 ᠪᠠ 0.4 ᠵᠠᠭᠤᠨ ᠤ ᠴᠡᠭ ᠲᠦᠷᠭᠡᠨ ᠪᠣᠯᠪᠠ︔ ᠵᠢᠷᠭᠤᠭᠠᠨ | ᠶᠡᠭᠡ ᠥᠨᠳᠥᠷ ᠬᠤᠷᠣᠭᠳᠠᠯᠲᠤ ᠠᠵᠢᠯ ᠲᠥᠷᠥᠯ ᠤᠨ ᠨᠡᠮᠡᠭᠳᠡᠯ ᠥᠷᠲᠡᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ ᠠᠳᠠᠯᠢ ᠬᠤᠭᠤᠴᠠᠭᠠᠨ ᠤ ᠬᠢ ᠠᠴᠠ 6.3 ᠵᠠᠭᠤᠨ ᠤ ᠴᠡᠭ | ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ | ᠡᠨᠧᠷᠭᠢ ᠶᠢᠨ ᠰᠤᠷᠪᠤᠯᠵᠢ ᠶᠢ ᠡᠳ᠋ᠰᠢᠭᠦᠯᠦᠨ ᠬᠤᠪᠢᠷᠠᠭᠤᠯᠬᠤ ᠠᠵᠤ ᠠᠬᠤᠶᠢᠯᠠᠯ 431 ᠡᠷᠦᠬᠡ ᠪᠠᠶᠢᠵᠤ᠂ | ᠡᠨᠧᠷᠭᠢ ᠶᠢᠨ ᠰᠤᠷᠪᠤᠯᠵᠢ ᠶᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠨᠢ ᠠᠳᠠᠯᠢ ᠬᠤᠭᠤᠴᠠᠭᠠᠨ ᠤ ᠬᠢ ᠠᠴᠠ 0.8 | ᠵᠠᠭᠤᠨ ᠤ ᠴᠡᠭ ᠳᠡᠭᠡᠭᠰᠢᠯᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ | ᠵᠢᠵᠢᠭᠯᠡᠨ ᠬᠤᠳᠠᠯᠳᠤᠬᠤ ᠦᠢᠯᠡᠰ ᠤᠨ ᠳᠣᠲᠣᠷ᠎ᠠ᠂ ᠤᠶᠤᠨᠲᠤ ᠭᠠᠷ ᠤᠲᠠᠰᠤ᠂ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 66.2% ᠪᠠ | 33.6% ᠪᠠᠷ ᠨᠡᠮᠡᠭᠳᠡᠪᠡ᠃ | ᠰᠢᠨ᠎ᠡ ᠬᠥᠳᠡᠯᠭᠡᠭᠴᠢ ᠡᠨᠧᠷᠭᠢ ᠶᠢᠨ ᠪᠤᠶᠢᠵᠢᠭᠤᠯᠤᠯᠲᠠ ᠦᠷᠭᠦᠯᠵᠢᠯᠡᠨ ᠲᠦᠷᠭᠡᠳᠴᠦ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠦᠳᠲᠡᠷ ᠬᠥᠭᠵᠢᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ | ᠨᠡᠭᠦᠷᠡᠰᠦᠨ ᠤ ᠪᠤᠰᠤ ᠠᠵᠤ ᠦᠢᠯᠡᠰ᠂ ᠲᠣᠨᠣᠭᠯᠠᠯ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 8.2%᠂ 18.5% ᠪᠠ | 8.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ | ᠬᠤᠷᠳᠤᠴᠠ ᠠᠴᠠ ᠲᠣᠰ ᠲᠣᠰ 0.5᠂ 10.8 ᠪᠠ 0.4 ᠵᠠᠭᠤᠨ ᠤ ᠴᠡᠭ ᠲᠦᠷᠭᠡᠨ ᠪᠣᠯᠵᠠᠶ᠃ 1 — 8 | ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠠᠰᠢᠭ | ᠬᠤᠨᠵᠢᠪᠣᠷᠢ ᠶᠢᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5.8% ᠨᠡᠮᠡᠭᠳᠡᠵᠦ᠂ ᠳᠡᠭᠡᠷ᠎ᠡ ᠬᠠᠭᠠᠰ | ᠵᠢᠯ ᠤᠨ ᠬᠢ ᠠᠴᠠ 0.5 ᠵᠠᠭᠤᠨ ᠤ ᠴᠡᠭ ᠳᠡᠭᠡᠭᠰᠢᠯᠡᠵᠡᠶ᠃ ᠡᠭᠦᠨ ᠤ ᠬᠠᠮᠲᠤ᠂ ᠰᠢᠨ᠎ᠡ ᠪᠠᠷ ᠮᠠᠨᠳᠤᠭᠰᠠᠨ ᠠᠵᠤ | ᠦᠢᠯᠡᠰ ᠤᠨ ᠪᠤᠶᠢᠵᠢᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃ | ᠰᠢᠨ᠎ᠡ ᠦᠢᠯᠡᠳᠬᠦᠨ ᠨᠡᠯᠢᠶᠡᠳ ᠲᠦᠷᠭᠡᠨ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ᠂ ᠪᠥᠬᠦ | ᠣᠷᠣᠨ ᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 29% ᠨᠡᠮᠡᠭᠳᠡᠵᠦ᠂ ᠪᠥᠬᠦ ᠣᠷᠣᠨ ᠤ ᠨᠡᠯᠢᠶᠡᠳ ᠥᠨᠳᠥᠷ ᠮᠡᠷᠭᠡᠵᠢᠯ ᠤᠨ | ᠠᠭᠤᠯᠤᠭᠳᠠᠴᠠ ᠪᠠ ᠨᠡᠯᠢᠶᠡᠳ ᠥᠨᠳᠥᠷ ᠨᠡᠮᠡᠯᠲᠡ ᠥᠷᠲᠡᠭ ᠤᠨ ᠠᠵᠤ ᠦᠢᠯᠡᠳᠪᠦᠷᠢ ᠶᠢᠨ ᠰᠢᠨ᠎ᠡ ᠦᠢᠯᠡᠳᠬᠦᠨ ᠤ | ᠭᠠᠷᠤᠯᠲᠠ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠪᠡ᠃ ᠤᠶᠤᠨᠲᠤ ᠲᠧᠯᠸᠢᠰ ᠤᠨ ᠦᠢᠯᠡᠳᠬᠦᠨ 106.8 | ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2 ᠳᠠᠬᠢᠨ ᠢᠶᠠᠷ ᠨᠡᠮᠡᠭᠳᠡᠪᠡ︔ ᠳᠠᠩ ᠲᠠᠯᠠᠰᠲᠤ | ᠴᠠᠬᠢᠭᠤᠷ 8.2 ᠲᠦᠮᠡᠨ ᠲᠣᠨ ᠳᠤ ᠬᠦᠷᠴᠦ᠂ 71.3% ᠪᠠᠷ ᠨᠡᠮᠡᠭᠳᠡᠪᠡ︔ ᠪᠠᠯ ᠴᠢᠯᠠᠭᠤ ᠵᠢᠴᠢ | ᠨᠡᠭᠦᠷᠡᠰᠦᠲᠥ᠋ᠷᠥᠭᠴᠢ ᠶᠢᠨ ᠪᠦᠲᠦᠭᠡᠭᠳᠡᠬᠦᠨ 188.3 ᠲᠦᠮᠡᠨ ᠲᠣᠨ ᠳᠤ ᠬᠦᠷᠴᠦ᠂ 19.5% ᠪᠠᠷ ᠨᠡᠮᠡᠭᠳᠡᠪᠡ᠃ | ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠪᠠ᠃ | ᠪᠦᠬᠦ ᠣᠷᠣᠨ ᠤ 16 ᠵᠤᠷᠪᠤᠰ ᠬᠡᠲᠦ ᠥᠨᠳᠥᠷ ᠬᠦᠴᠦᠳᠡᠯᠲᠦ᠂ ᠣᠨᠴᠠ ᠥᠨᠳᠥᠷ ᠬᠦᠴᠦᠳᠡᠯᠲᠦ ᠴᠠᠬᠢᠯᠭᠠᠨ | ᠭᠠᠳᠠᠭᠰᠢ ᠬᠦᠷᠭᠡᠬᠦ ᠨᠡᠪᠲᠡᠷᠡᠯ ᠵᠠᠮ ᠢ ᠠᠰᠢᠭᠯᠠᠯᠲᠠ ᠳᠤ ᠣᠷᠣᠭᠤᠯᠵᠤ᠂ ᠭᠠᠳᠠᠭᠰᠢ ᠭᠠᠷᠭᠠᠭᠰᠠᠨ ᠴᠠᠬᠢᠯᠭᠠᠨ ᠨᠢ | ᠨᠡᠶᠢᠲᠡ 7000 ᠲᠦᠮᠡᠨ ᠺᠢᠯᠣᠸᠠᠲ ᠲᠤ ᠬᠦᠷᠴᠦ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ 4059 ᠲᠦᠮᠡᠨ ᠺᠢᠯᠣᠸᠠᠲ ᠲᠤ ᠬᠦᠷᠴᠦ᠂ ᠪᠦᠬᠦ ᠮᠠᠰᠢᠨ ᠴᠣᠭᠴᠠᠯᠠᠪᠤᠷᠢ ᠶᠢᠨ 33% ᠶᠢ | ᠡᠵᠡᠯᠡᠪᠡ᠃ ᠪᠠᠶᠢᠭᠠᠯᠢ ᠶᠢᠨ ᠰᠢᠲᠠᠮᠠᠬᠠᠶ ᠬᠡᠢ ᠶᠢᠨ ᠭᠠᠷᠤᠯᠲᠠ 243.6 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠲᠤ ᠬᠦᠷᠴᠦ᠂ ᠪᠦᠬᠦ ᠤᠯᠤᠰ ᠤᠨ 1 / 6 ᠶᠢ ᠡᠵᠡᠯᠡᠪᠡ᠃ ᠨᠢᠭᠡᠨᠲᠡ ᠪᠠᠶᠢᠭᠤᠯᠤᠭᠰᠠᠨ ᠨᠡᠭᠦᠷᠡᠰᠦᠨ ᠲᠣᠰᠣ | ᠦᠢᠯᠡᠳᠪᠦᠷᠢᠯᠡᠬᠦ ᠴᠢᠳᠠᠪᠤᠷᠢ 124 ᠲᠦᠮᠡᠨ ᠲᠣᠨ ᠳᠤ ᠬᠦᠷᠴᠦ᠂ 2018 ᠣᠨ ᠤ ᠭᠠᠷᠤᠯᠲᠠ 103 ᠲᠦᠮᠡᠨ | ᠲᠣᠨ ᠳᠤ ᠬᠦᠷᠴᠦ᠂ ᠪᠦᠬᠦ ᠤᠯᠤᠰ ᠲᠤ ᠬᠤᠶᠠᠳᠤᠭᠠᠷ ᠲᠤ ᠲᠣᠳᠣᠷᠠᠪᠠ︔ ᠨᠡᠭᠦᠷᠡᠰᠦᠨ ᠬᠡᠢ ᠦᠢᠯᠡᠳᠪᠦᠷᠢᠯᠡᠬᠦ | ᠴᠢᠳᠠᠪᠤᠷᠢ 17.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ 2018 ᠣᠨ ᠤ ᠭᠠᠷᠤᠯᠲᠠ | 15.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠦᠬᠦ ᠤᠯᠤᠰ ᠲᠤ ᠲᠡᠷᠢᠭᠦᠯᠡᠪᠡ᠃ |