ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ 2019 ᠣᠨ ᠤ 23 ᠳ᠋ᠤᠭᠠᠷ ᠤᠳᠠᠭ᠎ᠠ ᠶᠢᠨ  ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/11/12
     11 ᠰᠠᠷ᠎ᠠ ᠶᠢᠨ 11 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠮᠡᠳᠡᠭᠳᠡᠵᠤ᠂ ᠦᠪᠡᠷᠳᠡᠭᠡᠨ ᠵᠠᠰᠠᠬᠤ ᠤᠷᠤᠨ  ᠤ ᠲᠤᠰ ᠱᠠᠳᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠵᠡᠷᠭᠡ ᠵᠦᠢᠯ ᠢ ᠰᠤᠳᠤᠯᠵᠠᠢ᠃      ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠬᠢᠷᠠᠭᠤᠯᠤᠯᠳᠠ ᠪᠠᠶᠢᠷᠢᠯᠠᠭᠤᠯᠤᠯᠳᠠ ᠶᠤᠰᠤᠭᠠᠷ᠂ ᠡᠯ᠎ᠠ ᠵᠦᠢᠯ ᠤᠨ ᠠᠵᠢᠯ ᠢ ᠠᠬᠢᠭᠤᠯᠤᠭᠠᠳ ᠰᠢᠨ᠎ᠠ ᠠᠬᠢᠴᠠ ᠲᠠᠢ ᠪᠤᠯᠵᠠᠢ᠃ ᠤᠳᠤ ᠵᠢᠯ ᠤᠨ ᠰᠡᠭᠦᠯᠴᠢ ᠪᠤᠯᠳᠠᠯ᠎ᠠ ᠬᠤᠶᠠᠷ ᠰᠠᠷ᠎ᠠ ᠬᠦᠷᠬᠦ ᠦᠭᠡᠢ ᠬᠤᠭᠤᠴᠠᠭ᠎ᠠ ᠦᠯᠡᠳᠡᠭᠡᠳ ᠪᠤᠢ᠂ ᠵᠢᠯ ᠤᠨ ᠡᠬᠢᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾  ᠤᠨ ᠲᠦᠯᠦᠪᠵᠢᠭᠦᠯᠭᠡ ᠳᠤ ᠲᠤᠭᠳᠠᠭᠠᠭᠰᠠᠨ ᠬᠠᠷᠠᠯᠳᠠ ᠡᠭᠦᠷᠭᠡ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠯ᠎ᠠ ᠵᠦᠢᠯ ᠤᠨ ᠭᠦᠢᠴᠡᠳᠭᠡᠯ ᠲᠤᠭ᠎ᠠ ᠲᠠᠢ ᠬᠠᠷᠭᠤᠭᠤᠯᠵᠤ᠂ ᠵᠦᠷᠢᠶ᠎ᠠ ᠪᠠ ᠲᠤᠳᠠᠭᠤᠳᠠᠯ ᠢᠶᠠᠨ ᠤᠯᠠᠮ ᠨᠢᠭᠡ ᠠᠯᠬᠤᠮ ᠡᠮᠬᠢᠯᠡᠨ ᠪᠠᠶᠢᠴᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠤ᠂ ᠪᠦᠬᠦ ᠵᠢᠯ ᠤᠨ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠳᠠᠢ᠃ ᠡᠭᠦᠨ ᠤ ᠬᠠᠮᠳᠤ ᠡᠨᠡ ᠵᠢᠯ ᠤᠨ ᠠᠵᠢᠯ ᠢᠶᠠᠨ ᠰᠠᠶᠢᠳᠤᠷ ᠳ᠋ᠦᠩᠨᠡᠭᠰᠡᠨ ᠰᠠᠭᠤᠷᠢᠨ ᠳᠡᠭᠡᠷ᠎ᠠ᠂ ᠢᠷᠡᠬᠦ ᠵᠢᠯ ᠪᠤᠯᠤᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠡᠯ᠎ᠠ ᠵᠦᠢᠯ ᠤᠨ ᠠᠵᠢᠯ ᠢᠶᠠᠨ ᠨᠠᠷᠢᠨ ᠬᠢᠨᠠᠮᠠᠭᠠᠢ ᠰᠠᠶᠢᠳᠤᠷ ᠲᠦᠯᠦᠪᠵᠢᠭᠦᠯᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃        ᠬᠤᠷᠠᠯ ᠠᠴᠠ ︽ᠦᠪᠡᠷᠳᠡᠭᠡᠨ ᠵᠠᠰᠠᠬᠤ ᠤᠷᠤᠨ ᠤ ᠲᠤᠰ ᠱᠠᠳᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ︵2019 ᠣᠨ︶︾ ᠶᠢ ᠬᠢᠨᠠᠨ ᠵᠦᠪᠯᠡᠵᠦ ᠪᠠᠳᠤᠯᠠᠭᠠᠳ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ ᠠᠷᠠᠯᠵᠢᠶ᠎ᠠ ᠡᠵᠡᠩᠨᠡᠬᠦ ᠤᠷᠴᠢᠨ ᠢ ᠰᠢᠯᠢᠳᠡᠭᠵᠢᠭᠦᠯᠬᠦ ᠲᠤᠬᠠᠢ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠭᠦᠨᠵᠡᠭᠡᠢ ᠲᠤᠭᠤᠰᠢᠯᠠᠭᠤᠯᠵᠤ᠂ ᠵᠠᠰᠠᠭ ᠢ ᠴᠤᠮᠬᠠᠳᠬᠠᠵᠤ ᠡᠷᠬᠡ ᠶᠢ ᠲᠠᠯᠪᠢᠬᠤ ᠶᠢ ᠭᠦᠨᠵᠡᠭᠡᠶᠢᠷᠡᠭᠦᠯᠦᠨ ᠬᠦᠭᠵᠢᠭᠦᠯᠵᠤ᠂ ᠵᠠᠰᠠᠭ ᠤᠨ ᠤᠷᠳᠤᠨ ᠠᠴᠠ ᠵᠠᠬ᠎ᠠ ᠳᠡᠯᠭᠡᠭᠦᠷ ᠤᠨ ᠠᠵᠢᠯᠯᠠᠭ᠎ᠠ ᠳᠤ ᠰᠢᠭᠤᠳ ᠭᠠᠷ ᠳᠦᠷᠤᠬᠦ ᠶᠢ ᠬᠠᠮᠤᠭ ᠤᠨ ᠶᠡᠭᠡ ᠬᠡᠮᠵᠢᠶ᠎ᠠ ᠪᠠᠷ ᠪᠠᠭᠠᠰᠬᠠᠵᠤ᠂ ᠬᠤᠮᠠᠬᠢ ᠭᠤᠤᠯ ᠴᠤᠭᠴᠠ ᠶᠢ ᠠᠮᠢᠳᠤᠯᠢᠬᠵᠢᠭᠤᠯᠵᠦ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠳᠠ ᠬᠠᠮᠢᠶᠠᠷᠤᠯᠳᠠ ᠶᠢᠨ ᠰᠢᠨ᠎ᠠ ᠶᠢ ᠡᠭᠦᠳᠦᠭᠰᠡᠨ ᠪᠠ ᠴᠢᠩᠭᠠᠳᠬᠠᠵᠤ᠂ ᠵᠠᠬ᠎ᠠ ᠳᠡᠯᠭᠡᠭᠦᠷ ᠪᠤᠯᠤᠨ ᠨᠡᠶᠢᠭᠡᠮ ᠤᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠦᠭᠵᠢᠭᠡᠵᠤ᠂ ᠵᠠᠰᠠᠭ ᠵᠠᠬᠢᠷᠭᠠᠨ ᠤ ᠦᠷ᠎ᠠ ᠪᠦᠲᠦᠮᠵᠢ ᠶᠢ ᠳᠡᠭᠡᠭᠰᠢᠯᠡᠭᠦᠯᠵᠤ᠂ ᠠᠵᠤ ᠠᠬᠤᠢᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠬᠠᠮᠤᠭ ᠤᠨ ᠶᠡᠭᠡ ᠬᠡᠮᠵᠢᠶᠠᠨ ᠤ ᠳᠦᠭᠦᠮ ᠦᠵᠡᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃      ᠬᠤᠷᠠᠯ ᠠᠴᠠ ᠪᠠᠰᠠ ᠤᠯᠤᠰ ᠤᠨ ᠪᠠᠷᠠᠭᠤᠨ ᠤᠷᠤᠨ ᠢ ᠶᠡᠭᠡ ᠪᠠᠷ ᠨᠡᠬᠡᠬᠡᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠡᠭᠡᠷ᠎ᠠ ᠶᠢᠨ ᠠᠮᠢᠳᠠᠨ ᠤ ᠬᠠᠮᠠᠭᠠᠯᠠᠯᠲᠠ ᠶᠢ ᠴᠢᠩᠭᠠᠳᠬᠠᠬᠤ ᠵᠡᠷᠭᠡ ᠵᠦᠢᠯ ᠢ ᠰᠤᠳᠤᠯᠪᠠ᠃ 
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号