ᠰᠢᠨ᠎ᠠ ᠨᠢᠭᠡ ᠡᠭᠡᠯᠵᠢ ᠶᠢᠨ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠲᠥᠮᠡᠨ ᠬᠤᠪᠢ ᠮᠡᠰᠡ ᠵᠠᠰᠠᠯ ᠢ ᠪᠡᠶᠡᠯᠡᠭᠦᠯᠦᠭᠰᠡᠨ ᠪᠠᠶᠢᠨ᠎ᠠ  ᠪᠦ᠋ ᠰᠢᠶᠤᠤ ᠯᠢᠨ ᠮᠡᠰᠡ ᠵᠠᠰᠠᠯ ᠬᠢᠯᠭᠡᠭᠰᠡᠨ ᠡᠪᠡᠳᠴᠢᠳᠡᠨ ᠢ ᠪᠤᠯᠭᠤᠭᠠᠨ ᠦᠵᠡᠪᠡ
ᠨᠡᠶᠢᠲᠡᠯᠡᠭᠰᠡᠨ ᠴᠠᠭ᠄
2019/11/13
     11 ᠰᠠᠷ᠎ᠠ ᠶᠢᠨ 12᠎ ᠤᠨ ᠡᠳᠦᠷ᠂ ᠰᠢᠨ᠎ᠠ ᠨᠢᠭᠡ ᠡᠭᠡᠯᠵᠢ ᠶᠢᠨ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠲᠥᠮᠡᠨ ᠬᠤᠪᠢ ᠮᠡᠰᠡ ᠵᠠᠰᠠᠯ ᠢ ᠪᠡᠶᠡᠯᠡᠭᠦᠯᠦᠭᠰᠡᠨ ᠲᠤᠬᠤᠨᠢᠭᠤᠯᠬᠤ ᠠᠵᠢᠯᠯᠠᠭ᠎ᠠ ᠥᠪᠦᠷ ᠮᠤᠩᠭᠤᠯ ᠤᠨ ᠴᠤᠤ ᠵᠢᠤᠢ ᠨᠢᠳᠤᠨ ᠤ ᠡᠮᠨᠡᠯᠭᠡ ᠶᠢᠨ ᠬᠤᠷᠢᠶᠠᠨ ᠳᠤ ᠶᠠᠪᠤᠭᠳᠠᠵᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠨᠡᠷ᠎ᠠ ᠬᠦᠨᠳᠦᠳᠦ ᠳᠠᠷᠤᠭ᠎ᠠ ᠪᠦ᠋ ᠰᠢᠶᠤᠤ ᠯᠢᠨ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠵᠤᠬᠢᠶᠠᠨ ᠪᠠᠶᠢᠭᠤᠯᠬᠤ ᠺᠤᠮᠢᠰ ᠎ ᠤᠨ ᠳᠡᠳ᠋ ᠡᠷᠬᠢᠯᠡᠭᠴᠢ ᠭᠡᠰᠢᠬᠦᠨ ᠡᠸᠦ ᠶᠠᠩ ᠰᠢᠶᠤᠤ ᠬᠤᠢ ᠠᠵᠢᠯᠯᠠᠭ᠎ᠠ ᠶᠢᠨ ᠠᠬᠤᠢ ᠲᠠᠯᠠᠪᠠᠢ ᠳᠤ ᠬᠦᠷᠴᠤ᠂ ᠴᠠᠭᠠᠨ ᠬᠠᠷᠠᠩ ᠡᠪᠡᠳᠴᠢᠨ ᠤ ᠮᠠᠰᠡ ᠵᠠᠰᠠᠯ ᠬᠢᠯᠭᠡᠭᠰᠡᠨ ᠡᠪᠡᠳᠴᠢᠳᠡᠨ ᠢ ᠪᠤᠯᠭᠤᠭᠠᠨ ᠦᠵᠡᠬᠦ ᠶᠢᠨ ᠬᠠᠮᠳᠦ ᠮᠡᠰᠡ ᠵᠠᠰᠠᠯ ᠬᠢᠯᠭᠡᠭᠰᠡᠨ ᠤ ᠳᠠᠷᠠᠭᠠᠬᠢ ᠡᠷᠡᠬᠦᠯᠵᠢᠯ ᠤᠨ ᠪᠠᠶᠢᠳᠠᠯ ᠢ ᠨᠢ ᠨᠠᠷᠢᠨ ᠠᠰᠠᠭᠤᠵᠠᠢ᠃      ᠦᠴᠤᠸᠠᠨ ᠰᠢᠶᠠᠨ ᠠᠴᠠ ᠢᠷᠡᠭᠰᠡᠨ ᠲᠠᠷᠢᠶᠠᠴᠢᠨ ᠮᠤᠤ ᠯᠢ ᠪᠤᠯ ᠰᠢᠨ᠎ᠠ ᠨᠢᠭᠡ ᠡᠭᠡᠯᠵᠢ ᠶᠢᠨ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢᠨ ᠲᠥᠮᠡᠲᠡᠭᠴᠢ ᠬᠠᠷᠠᠭ᠎ᠠ ᠤᠷᠤᠭᠤᠯᠬᠤ ᠮᠡᠰᠡ ᠵᠠᠰᠠᠯ ᠬᠢᠯᠭᠡᠭᠰᠡᠨ ᠴᠠᠭᠠᠨ ᠬᠠᠷᠠᠩ ᠡᠪᠡᠳᠴᠢᠳᠠᠨ ᠮᠦᠨ᠂ ᠪᠦ᠋ ᠰᠢᠶᠤᠤ ᠯᠢᠨ ᠲᠡᠬᠦᠨ ᠤ ᠨᠢᠳᠦᠨ ᠳᠡᠭᠡᠷ᠎ᠠ ᠪᠦᠷᠬᠦᠵᠦ ᠪᠠᠶᠢᠭᠰᠠᠨ ᠰᠡᠶᠢᠮᠡᠭᠡᠢ ᠪᠦᠰ ᠢ ᠨᠢ ᠵᠠᠳᠠᠯᠵᠦ ᠦᠭᠴᠤ᠂ ᠲᠡᠬᠦᠨ ᠤ ᠡᠷᠳᠡᠭᠡᠨ ᠡᠷᠡᠬᠦᠯᠵᠢᠬᠦ ᠶᠢ ᠵᠦᠩᠨᠡᠬᠦ ᠶᠢᠨ ᠬᠠᠮᠳᠦ ᠡᠮᠴᠢᠯᠡᠭᠡᠨ ᠤ ᠨᠢᠭᠡᠳᠦᠭᠡᠷ ᠹᠷᠤᠨᠲ ᠲᠤ ᠡᠷᠡᠮᠡᠬᠡᠶᠢᠯᠡᠨ ᠲᠡᠮᠡᠴᠡᠵᠦ ᠪᠠᠶᠢᠭ᠎ᠠ ᠡᠮᠨᠡᠯᠭᠡ ᠶᠢᠨ ᠠᠵᠢᠯᠳᠠᠨ ᠪᠠ ᠲᠤᠰᠬᠠᠢ ᠮᠡᠷᠭᠡᠵᠢᠯᠳᠠᠨ ᠳᠤ ᠲᠠᠯᠠᠷᠬᠠᠵᠦ ᠪᠠᠶᠢᠭ᠎ᠠ ᠰᠡᠳᠬᠢᠯᠭᠡ ᠪᠠᠨ ᠢᠯᠡᠳᠭᠡᠵᠡᠢ᠃ ᠪᠦ᠋ ᠰᠢᠶᠤᠤ ᠯᠢᠨ᠂ ᠮᠠᠨ ᠤ ᠤᠷᠤᠨ ᠪᠤᠯ ᠴᠠᠭᠠᠨ ᠬᠠᠷᠠᠩ ᠡᠪᠡᠳᠴᠢᠨ ᠵᠡᠷᠭᠡ ᠨᠢᠳᠤᠨ ᠤ ᠡᠪᠡᠳᠴᠢᠨ ᠤᠯᠠᠨ ᠡᠬᠦᠰᠳᠡᠭ ᠭᠠᠵᠠᠷ ᠤᠷᠤᠨ ᠪᠤᠯᠤᠨ᠎ᠠ᠂ ᠡᠨᠡ ᠬᠦ ᠠᠷᠠᠳ ᠲᠤ ᠠᠰᠢᠬ ᠬᠦᠷᠳᠡᠭᠡᠨ ᠬᠦᠴᠢᠷᠳᠡᠯᠲᠠᠢ ᠤᠯᠠᠨ ᠲᠦᠮᠡᠨ ᠢ ᠬᠠᠪᠰᠤᠷᠤᠨ ᠲᠤᠰᠠᠯᠠᠬᠤ ᠢᠨᠵᠧᠨᠧᠷᠢᠩ ᠢ ᠰᠡᠳᠬᠢᠯ ᠲᠠᠯᠪᠢᠨ ᠰᠠᠶᠢᠳᠤᠷ ᠬᠢᠵᠦ᠂ ᠲᠦᠷᠦ ᠶᠢᠨ ᠪᠤᠳᠤᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠨᠡᠩ ᠤᠯᠠᠨ ᠴᠠᠭᠠᠨ ᠬᠠᠷᠠᠩ ᠡᠪᠡᠳᠴᠢᠳᠡᠨ ᠢ ᠡᠪᠡᠳᠴᠢᠨ ᠢᠶᠠᠨ ᠴᠠᠭ ᠲᠤᠬᠠᠢ ᠳᠤᠨᠢ ᠡᠮᠨᠡᠭᠦᠯᠵᠤ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠭᠡᠷᠡᠭᠲᠡᠢ ᠭᠡᠪᠡ᠃      ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠪᠤᠯ ᠪᠦᠬᠦ ᠤᠷᠤᠨ ᠤ ᠬᠤᠳᠠ ᠬᠦᠳᠡᠭᠡ ᠶᠢᠨ ᠶᠠᠳᠠᠭᠤ ᠬᠦᠴᠢᠷᠳᠡᠯᠳᠠᠢ ᠭᠡᠷ ᠪᠦᠯᠢ ᠶᠢᠨ ᠴᠠᠭᠠᠨ ᠬᠠᠷᠠᠩ ᠡᠪᠡᠳᠴᠢᠳᠡᠨ ᠳᠤ ᠬᠦᠮᠦᠯᠢᠭ ᠦᠵᠡᠯ ᠤᠨ ᠠᠪᠤᠷᠠᠨ ᠲᠤᠰᠠᠯᠠᠬᠤ ᠠᠵᠢᠯᠯᠠᠭ᠎ᠠ ᠦᠷᠨᠢᠬᠦᠯᠳᠡᠭ᠂ 2015 ᠣᠨ ᠳᠤ ᠠᠵᠢᠯᠯᠠᠭ᠎ᠠ ᠡᠬᠢᠯᠡᠭᠰᠡᠨ ᠠᠴᠠ ᠨᠠᠭᠠᠰᠢ᠂ ᠨᠢᠳᠤᠨ ᠤ ᠡᠪᠡᠳᠴᠢᠨ ᠳᠤ ᠨᠡᠷᠪᠡᠭᠳᠡᠭᠰᠡᠳ ᠲᠤ 64.27 ᠲᠦᠮᠡᠨ ᠬᠦᠮᠦᠨ ᠤᠳᠠᠭ᠎ᠠ ᠶᠢᠨ ᠰᠢᠭᠰᠢᠬᠦ ᠪᠠᠶᠢᠴᠠᠭᠠᠯᠳᠠ ᠬᠢᠵᠦ᠂ 25018 ᠴᠠᠭᠠᠨ ᠬᠠᠷᠠᠩ ᠡᠪᠡᠳᠴᠢᠳᠡᠨ ᠳᠤ ᠬᠠᠷᠠᠭ᠎ᠠ ᠤᠷᠤᠭᠤᠯᠬᠤ ᠮᠡᠰᠡ ᠵᠠᠰᠠᠯ ᠬᠢᠵᠦ᠂ 2.3 ᠲᠦᠮᠡ ᠤᠷᠴᠢᠮ ᠶᠠᠳᠠᠭᠤ ᠬᠦᠴᠢᠷᠳᠡᠯᠳᠠᠢ ᠤᠯᠠᠨ ᠲᠦᠮᠡᠨ ᠳᠤ ᠠᠰᠢᠬ ᠬᠦᠷᠳᠡᠭᠡᠵᠡᠢ᠃ ᠡᠬᠦᠨ ᠳᠤ 2018 ᠣᠨ ᠤ 5 ᠰᠠᠷ᠎ᠠ ᠠᠴᠠ ᠰᠢᠨ᠎ᠠ ᠨᠢᠭᠡ ᠡᠭᠡᠯᠵᠢ ᠶᠢᠨ ᠪᠦᠬᠦ ᠤᠷᠤᠨ ᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠡᠬᠢᠯᠡᠬᠦᠯᠦᠭᠰᠡᠨ ᠠᠴᠠ ᠨᠠᠭᠠᠰᠢ᠂ ᠨᠢᠳᠦᠨ ᠤ ᠡᠪᠡᠳᠴᠢᠨ ᠳᠤ ᠨᠡᠷᠪᠡᠭᠳᠡᠭᠰᠡᠳ ᠲᠤ 30.34 ᠲᠦᠮᠡᠨ ᠬᠦᠮᠦᠨ ᠤᠳᠠᠭ᠎ᠠ ᠶᠢᠨ ᠰᠢᠭᠰᠢᠬᠦ ᠪᠠᠶᠢᠴᠠᠭᠠᠯᠳᠠ ᠬᠢᠵᠦ᠂ 10003 ᠴᠠᠭᠠᠨ ᠬᠠᠷᠠᠩ ᠡᠪᠡᠳᠴᠢᠳᠡᠨ ᠳᠤ ᠬᠠᠷᠠᠭ᠎ᠠ ᠤᠷᠤᠭᠤᠯᠬᠤ ᠮᠡᠰᠡ ᠵᠠᠰᠠᠯ ᠬᠢᠵᠦ᠂ 2020 ᠣᠨ ᠤ ᠰᠡᠬᠦᠯᠴᠢ ᠪᠤᠯᠬᠤ ᠳᠤ ᠲᠥᠮᠡᠨ ᠬᠤᠪᠢ ᠮᠡᠰᠡ ᠵᠠᠰᠠᠯ ᠬᠢᠬᠦ ᠬᠠᠷᠠᠯᠳᠠ ᠡᠬᠦᠷᠭᠡ ᠪᠠᠨ ᠤᠷᠢᠳᠴᠢᠯᠠᠨ ᠪᠡᠶᠡᠯᠡᠬᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号