11 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠶᠢᠨ 4 ᠤ ᠡᠳᠦᠷ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠮᠡᠳᠡᠭᠳᠡᠯ ᠪᠠᠭᠤᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ | ᠤᠳᠠᠭ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ 32 ᠵᠦᠢᠯ ᠤᠨ ᠨᠡᠶᠢᠲᠡᠯᠢᠭ ᠲᠤᠷᠰᠢᠯᠭ᠎ᠠ | ᠠᠷᠭ᠎ᠠ ᠬᠢᠳᠡᠯ ᠢ ᠨᠣᠲᠠᠯᠠᠪᠠ᠂ ᠡᠭᠦᠨ ᠳᠤ᠂ ᠮᠠᠨ ᠤ ᠣᠷᠣᠨ ᠤ ᠬᠡᠷᠡᠭᠵᠢᠭᠦᠯᠦᠭᠰᠡᠨ ︽i ᠭᠠᠶᠢᠯᠢ ᠶᠢᠨ | ᠦᠢᠯᠡᠴᠢᠯᠡᠭᠡᠨ ᠤ ᠲᠠᠪᠴᠠᠩ︾ ᠢ ᠨᠡᠪᠲᠡᠷᠡᠭᠦᠯᠦᠨ ᠰᠠᠶᠢᠰᠢᠶᠠᠪᠠ᠃ | ᠤᠢᠢᠯᠠᠭᠠᠭᠰᠠᠠ ᠢᠶᠠᠷ᠂ ᠣᠶᠢᠷ᠎ᠠ ᠶᠢᠨ ᠬᠤᠭᠤᠴᠠᠭᠠᠨ ᠳᠤ ᠲᠥᠷᠦ ᠶᠢᠨ ᠶᠠᠪᠤᠳᠠᠯ ᠤᠨ ᠬᠤᠷᠢᠶ᠎ᠠ ᠭᠠᠶᠢᠯᠢ ᠶᠢ | ᠬᠥᠩᠭᠡᠯᠡᠬᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ 5 ᠲᠠᠯ᠎ᠠ ᠶᠢᠨ ᠠᠵᠢᠯ ᠤᠨ ᠪᠠᠶᠢᠳᠠᠯ ᠤᠨ ᠲᠤᠬᠠᠶ | ᠵᠢᠷᠭᠤᠳᠤᠭᠠᠷ ᠤᠳᠠᠭ᠎ᠠ ᠶᠢᠨ ᠶᠡᠭᠡ ᠰᠢᠮᠳᠠᠭᠤᠯᠤᠨ ᠪᠠᠶᠢᠴᠠᠭᠠᠯᠲᠠ ᠬᠢᠪᠡ᠃ ᠨᠡᠪᠲᠡᠷᠡᠭᠦᠯᠦᠨ ᠰᠠᠶᠢᠰᠢᠶᠠᠭᠳᠠᠭᠰᠠᠨ ︽ | i ᠭᠠᠶᠢᠯᠢ ᠶᠢᠨ ᠦᠢᠯᠡᠴᠢᠯᠡᠭᠡᠨ ᠤ ᠲᠠᠪᠴᠠᠩ︾ ᠢ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠠᠴᠠ ᠰᠤᠳᠤᠯᠤᠨ ᠨᠡᠭᠡᠭᠡᠪᠡ᠂ ᠲᠣᠰ ᠲᠠᠪᠴᠠᠩ ᠨᠢ ᠭᠠᠷ ᠤᠲᠠᠰᠤ ᠵᠡᠷᠭᠡ ᠰᠢᠯᠵᠢᠮᠡᠯ ᠢᠨᠲ᠋ᠧᠷ | ᠰᠦᠯᠵᠢᠶ᠎ᠡ ᠶᠢᠨ ᠦᠵᠦᠭᠦᠷᠯᠢᠭ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠭᠠᠶᠢᠯᠢ ᠭᠦᠢᠴᠡᠳᠬᠡᠬᠦ ᠰᠠᠭᠤᠷᠢᠨ | ᠳᠡᠭᠡᠷ᠎ᠡ᠂ ᠣᠳᠣ ᠪᠠᠶᠢᠭ᠎ᠠ ᠭᠠᠶᠢᠯᠢ ᠲᠠᠲᠠᠪᠤᠷᠢᠯᠠᠬᠤ ᠪᠠ ᠲᠤᠰᠢᠶᠠᠬᠤ ᠶᠢ ᠨᠡᠪᠲᠡᠷᠡᠯᠴᠡᠭᠦᠯᠬᠦ ᠠᠷᠭ᠎ᠠ ᠵᠠᠮ ᠢ | ᠰᠢᠯᠢᠳᠡᠭᠵᠢᠭᠦᠯᠦᠨ ᠨᠡᠶᠢᠯᠡᠭᠦᠯᠵᠦ᠂ ᠭᠠᠶᠢᠯᠢ ᠲᠤᠰᠢᠶᠠᠭᠴᠢ ᠪᠠ ᠰᠦᠢᠳᠬᠡᠯ ᠲᠤᠰᠢᠶᠠᠭᠴᠢ ᠳᠤ ᠭᠠᠶᠢᠯᠢ ᠶᠢ | ᠬᠥᠩᠭᠡᠯᠡᠬᠦ ᠶᠢ ᠪᠠᠭᠲᠠᠭᠠᠭᠰᠠᠨ ᠭᠠᠶᠢᠯᠢ ᠲᠤᠰᠢᠶᠠᠬᠤ ᠰᠦᠢᠳᠬᠡᠯ ᠲᠤᠰᠢᠶᠠᠬᠤ ᠦᠢᠯᠡᠴᠢᠯᠡᠭᠡ ᠪᠠ ᠤᠬᠠᠭᠤᠯᠭ᠎ᠠ | ᠪᠣᠯᠪᠠᠰᠤᠷᠠᠭᠤᠯᠤᠯ᠂ ᠭᠠᠶᠢᠯᠢ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠯᠠᠪᠯᠠᠭ᠎ᠠ᠂ ᠭᠠᠶᠢᠯᠢ ᠳᠤ | ᠬᠤᠯᠪᠣᠭᠳᠠᠬᠤ ᠵᠦᠢᠯᠡᠰ ᠢ ᠰᠠᠨᠠᠭᠤᠯᠬᠤ ᠵᠡᠷᠭᠡ ᠬᠤᠪᠢ ᠬᠥᠮᠦᠨ ᠤ ᠦᠢᠯᠡᠴᠢᠯᠡᠭᠡ ᠬᠠᠩᠭᠠᠵᠠᠢ᠃ | ︽i ᠭᠠᠶᠢᠯᠢ ᠶᠢᠨ ᠦᠢᠯᠡᠴᠢᠯᠡᠭᠡᠨ ᠤ ᠲᠠᠪᠴᠠᠩ︾ ᠢ ᠡᠨᠡ ᠵᠢᠯ ᠤᠨ ᠡᠬᠢ ᠪᠠᠷ ᠲᠤᠷᠰᠢᠨ ᠠᠵᠢᠯᠯᠠᠭᠤᠯᠵᠤ᠂ | 7 ᠳ᠋ᠤᠭᠠᠷ ᠰᠠᠷ᠎ᠠ ᠳᠤ ᠪᠥᠬᠦ ᠣᠷᠣᠨ ᠳᠤ ᠳᠡᠯᠭᠡᠷᠡᠭᠦᠯᠦᠨ ᠬᠡᠷᠡᠭᠯᠡᠪᠡ᠃ ᠣᠳᠣᠬᠠᠨ ᠪᠣᠯᠲᠠᠯ᠎ᠠ᠂ ᠪᠥᠬᠦ ᠣᠷᠣᠨ ᠤ 60 | ᠲᠦᠮᠡᠨ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠨᠢ ︽i ᠭᠠᠶᠢᠯᠢ ᠶᠢᠨ ᠦᠢᠯᠡᠴᠢᠯᠡᠭᠡᠨ ᠤ ᠲᠠᠪᠴᠠᠩ︾ ᠢ | ᠬᠡᠷᠡᠭᠯᠡᠵᠦ᠂ ᠪᠥᠬᠦ ᠣᠷᠣᠨ ᠤ ᠬᠦᠴᠦᠨ ᠪᠦᠬᠦᠢ ᠭᠠᠶᠢᠯᠢ ᠲᠤᠰᠢᠶᠠᠭᠴᠢ ᠶᠢᠨ 60 % ᠠᠴᠠ ᠳᠡᠭᠡᠭᠰᠢᠬᠢ ᠶᠢ | ᠡᠵᠡᠯᠡᠪᠡ᠃ | |