ᠨᠢᠭᠡ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ | ᠬᠥᠳᠡᠯᠮᠦᠷᠢᠯᠡᠭᠴᠢᠳ ᠲᠤ ᠦᠨ᠎ᠡ ᠲᠥᠯᠥᠪᠦᠷᠢ ᠦᠭᠡᠢ ᠪᠠᠷ ᠶᠠᠮᠠᠷ ᠶᠠᠮᠠᠷ ᠦᠢᠯᠡᠴᠢᠯᠡᠭᠡ ᠬᠠᠩᠭᠠᠵᠤ ᠪᠣᠯᠬᠤ ᠪᠣᠢ︖ | ᠬᠠᠷᠢᠭᠤᠯᠲᠠ᠄ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ | ᠬᠥᠳᠡᠯᠮᠦᠷᠢᠯᠡᠭᠴᠢᠳ ᠲᠤ ᠳᠣᠣᠷᠠᠬᠢ ᠮᠡᠲᠦ ᠶᠢᠨ ᠦᠢᠯᠡᠴᠢᠯᠡᠭᠡ ᠬᠠᠩᠭᠠᠬᠤ ᠬᠡᠷᠡᠭᠲᠡᠢ᠄ 1. ᠠᠵᠢᠯ ᠣᠯᠭᠤᠵᠤ ᠠᠳᠠᠯ | ᠦᠢᠯᠡᠰ ᠪᠣᠰᠬᠠᠬᠤ᠂ ᠴᠢᠳᠠᠪᠤᠷᠢᠲᠠᠨ ᠤ ᠦᠢᠯᠡᠴᠢᠯᠡᠭᠡ ᠪᠠ ᠬᠥᠳᠡᠯᠮᠦᠷᠢ ᠬᠦᠴᠦᠨ ᠢ ᠬᠡᠷᠡᠭᠯᠡᠬᠦ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠠᠰᠠᠭᠤᠨ ᠯᠠᠪᠯᠠᠯᠲᠠ ᠬᠠᠩᠭᠠᠬᠤ᠂ ᠲᠡᠳᠬᠦᠨ ᠳᠡᠮᠵᠢᠬᠦ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠬᠦᠯᠢᠶᠡᠨ ᠠᠪᠴᠤ ᠭᠦᠢᠴᠡᠳᠬᠡᠬᠦ︔ 2. ᠬᠥᠮᠥᠨ ᠤ ᠬᠦᠴᠦᠨ ᠤ ᠡᠬᠢ ᠪᠠᠶᠠᠯᠢᠭ ᠤᠨ | ᠬᠠᠩᠭᠠᠯᠭ᠎ᠠ ᠬᠡᠷᠡᠭᠴᠡᠭᠡ᠂ ᠵᠠᠬ᠎ᠠ ᠳᠡᠯᠭᠡᠭᠦᠷ ᠤᠨ ᠴᠠᠯᠢᠩ ᠬᠥᠯᠥᠰᠦᠨ ᠤ ᠵᠢᠭᠠᠨ ᠵᠢᠯᠣᠭᠤᠳᠬᠤ ᠦᠨ᠎ᠡ ᠶᠢᠨ | ᠲᠦᠪᠰᠢᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠳᠠᠳᠤᠯᠭ᠎ᠠ ᠬᠢᠬᠦ ᠠᠵᠢᠯ ᠤᠨ ᠪᠠᠶᠢᠷᠢ ᠵᠡᠷᠭᠡ ᠮᠡᠳᠡᠭᠡ | ᠵᠠᠩᠭᠢ ᠶᠢ ᠨᠡᠶᠢᠲᠡᠯᠡᠬᠦ︔ 3. ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ᠂ ᠲᠤᠬᠠᠶᠢᠯᠠᠭᠰᠠᠨ ᠠᠵᠢᠯ ᠤᠨ ᠵᠢᠭᠠᠨ | ᠵᠢᠯᠣᠭᠤᠳᠤᠯᠭ᠎ᠠ ᠪᠠ ᠠᠳᠠᠯ ᠦᠢᠯᠡᠰ ᠪᠣᠰᠬᠠᠵᠤ ᠠᠵᠢᠯ ᠦᠢᠯᠡᠰ ᠡᠷᠬᠢᠯᠡᠬᠦ ᠵᠢᠭᠠᠨ ᠵᠢᠯᠣᠭᠤᠳᠤᠯᠭ᠎ᠠ᠂ ᠠᠳᠠᠯ ᠦᠢᠯᠡᠰ | ᠪᠣᠰᠬᠠᠬᠤ ᠦᠢᠯᠡᠴᠢᠯᠡᠭᠡᠨ ᠤ ᠠᠵᠢᠯᠯᠠᠭ᠎ᠠ︔ 4. ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ | ᠲᠤᠰᠬᠠᠢ ᠵᠦᠢᠯ ᠤᠨ ᠠᠵᠢᠯᠯᠠᠭ᠎ᠠ︔ 5. ᠠᠵᠢᠯ ᠣᠯᠬᠤ ᠳᠤ ᠬᠦᠴᠢᠷᠲᠡᠢ ᠬᠥᠮᠥᠰ ᠲᠤ ᠠᠵᠢᠯ ᠣᠯᠭᠤᠬᠤ | ᠲᠤᠰᠠᠯᠠᠮᠵᠢ ᠶᠢ ᠬᠡᠷᠡᠭᠵᠢᠭᠦᠯᠬᠦ︔ 6. ᠠᠵᠢᠯ ᠣᠯᠭᠤᠬᠤ ᠳᠠᠩᠰᠠᠯᠠᠭᠤᠯᠤᠯᠲᠠ ᠶᠢ ᠭᠦᠢᠴᠡᠳᠬᠡᠬᠦ ︵ᠬᠥᠳᠡᠯᠮᠦᠷᠢ | ᠬᠦᠴᠦᠨ ᠢ ᠪᠦᠷᠢᠳᠬᠡᠨ ᠳᠠᠩᠰᠠᠯᠠᠬᠤ︶︔ 7. ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠬᠦ ᠵᠡᠷᠭᠡ ᠠᠵᠢᠯ ᠬᠡᠷᠡᠭ︔ | 8. ᠶᠠᠪᠤᠭᠤᠯ ᠬᠥᠮᠥᠨ ᠠᠮᠠ ᠶᠢᠨ ᠠᠵᠢᠯᠲᠠᠨ ᠤ ᠳᠠᠩᠰᠠ ᠡᠪᠬᠡᠮᠡᠯ ᠢ ᠬᠠᠮᠢᠶᠠᠷᠬᠤ ᠦᠢᠯᠡᠴᠢᠯᠡᠭᠡ︔ 9. | ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠪᠠ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ︔ 10. | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠪᠤᠰᠤᠳ | ᠦᠢᠯᠡᠴᠢᠯᠡᠭᠡ᠃ | ᠬᠤᠶᠠᠷ᠂ ᠠᠵᠢᠯ ᠣᠯᠭᠤᠬᠤ ᠶᠢ ᠳᠠᠩᠰᠠᠯᠠᠨ ᠲᠡᠮᠳᠡᠭᠯᠡᠬᠦ ᠭᠡᠵᠦ ᠶᠠᠭᠤ ᠪᠣᠢ︖ | ᠬᠠᠷᠢᠭᠤᠯᠲᠠ᠄ ᠬᠥᠳᠡᠯᠮᠦᠷᠢᠯᠡᠭᠴᠢᠳ ᠠᠴᠠ ᠨᠢᠭᠡᠴᠢ ᠳᠤ ᠠᠵᠢᠯ ᠣᠯᠬᠤ᠂ ᠪᠡᠶ᠎ᠡ ᠪᠠᠨ ᠳᠠᠭᠠᠭᠠᠵᠤ ᠠᠳᠠᠯ | ᠦᠢᠯᠡᠰ ᠪᠣᠰᠬᠠᠬᠤ᠂ ᠠᠮᠢᠳᠤᠯᠢᠭ ᠢᠶᠠᠷ ᠠᠵᠢᠯ ᠣᠯᠬᠤ ᠪᠤᠶᠤ ᠴᠢᠯᠦᠭᠡᠲᠡᠢ ᠠᠵᠢᠯ ᠮᠡᠷᠭᠡᠵᠢᠯ ᠤᠨ ᠬᠡᠯᠪᠡᠷᠢ ᠪᠠᠷ ᠠᠵᠢᠯ | ᠣᠯᠭᠤᠯᠲᠠ ᠶᠢ ᠪᠡᠶᠡᠯᠡᠭᠦᠯᠦᠭᠰᠡᠨ ᠪᠣᠯ᠂ ᠠᠵᠢᠯ ᠣᠯᠣᠭᠰᠠᠨ ᠤ ᠳᠠᠷᠠᠭ᠎ᠠ 30 ᠡᠳᠦᠷ ᠤᠨ ᠳᠣᠲᠣᠷ᠎ᠠ ᠠᠵᠢᠯ | ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠠᠵᠢᠯ ᠣᠯᠣᠭᠰᠠᠨ ᠢᠶᠠᠨ ᠳᠠᠩᠰᠠᠯᠠᠭᠤᠯᠤᠨ ᠲᠡᠮᠳᠡᠭᠯᠡᠭᠦᠯᠬᠦ | ᠬᠡᠷᠡᠭᠲᠡᠢ᠃ ᠠᠵᠢᠯ ᠣᠯᠣᠭᠰᠠᠨ ᠢ ᠳᠠᠩᠰᠠᠯᠠᠨ ᠲᠡᠮᠳᠡᠭᠯᠡᠬᠦ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠄ 1. | ᠬᠥᠳᠡᠯᠮᠦᠷᠢᠯᠡᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢᠨ ᠪᠠᠶᠢᠳᠠᠯ ︵ᠪᠡᠶ᠎ᠡ ᠶᠢᠨ ᠭᠡᠷᠡᠴᠢ ᠦᠨᠡᠮᠯᠡᠯ︶︔ 2. | ᠠᠵᠢᠯ ᠣᠯᠣᠭᠰᠠᠨ ᠨᠢᠭᠡᠴᠢ ᠶᠢᠨ ᠦᠨᠳᠦᠰᠦᠨ ᠪᠠᠶᠢᠳᠠᠯ︔ 3. ᠠᠵᠢᠯ ᠣᠯᠣᠭᠰᠠᠨ ᠲᠥᠷᠥᠯ ᠬᠡᠯᠪᠡᠷᠢ᠂ ᠠᠵᠢᠯ | ᠣᠯᠣᠭᠰᠠᠨ ᠴᠠᠭ ᠤᠨ ᠪᠠᠶᠢᠳᠠᠯ︔ 4. ᠠᠵᠢᠯ ᠣᠯᠣᠭᠰᠠᠨ ᠨᠢᠭᠡᠴᠢ ᠶᠢᠨ ᠬᠥᠳᠡᠯᠮᠦᠷᠢ ᠶᠢᠨ ᠭᠡᠷ᠎ᠡ ᠶᠢ ᠲᠣᠭᠲᠠᠭᠠᠭᠰᠠᠨ᠂ | ᠵᠣᠭᠰᠣᠭᠠᠭᠰᠠᠨ ᠪᠤᠶᠤ ᠲᠠᠶᠢᠯᠤᠭᠰᠠᠨ ᠪᠠᠶᠢᠳᠠᠯ ᠵᠡᠷᠭᠡ︔ 5. ᠪᠤᠳᠠᠭᠠᠯᠢ ᠪᠡᠶ᠎ᠡ ᠶᠢᠨ ᠡᠵᠡᠩᠨᠡᠯᠲᠡ ᠬᠢᠵᠦ ᠪᠠᠶᠢᠪᠠᠯ | ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ ᠪᠠᠶᠢᠬᠤ︔ 6. ︽ᠠᠵᠢᠯ ᠣᠯᠵᠤ ᠠᠳᠠᠯ ᠦᠢᠯᠡᠰ | ᠪᠣᠰᠬᠠᠬᠤ ᠦᠨᠡᠮᠯᠡᠯ︾ ᠳᠤ ᠲᠣᠬᠢᠷᠠᠭᠤᠯᠤᠭᠰᠠᠨ ᠪᠤᠰᠤᠳ ᠠᠭᠤᠯᠭ᠎ᠠ᠃ |